ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠰᠦᠨ ᠱᠤᠤ ᠴᠧᠩ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2024/9/23
    9 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠥ᠂ ᠲᠥᠪ ᠤᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠳᠡᠭᠡᠷ᠎ᠡ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃    ᠰᠦᠨ ᠱᠤᠤ ᠴᠧᠩ ᠮᠠᠨ ᠤ ᠨᠠᠮ ᠤᠨ ᠬᠡᠯᠪᠡᠷᠢᠴᠢ ᠦᠵᠡᠯ ᠢ ᠡᠰᠡᠷᠭᠦᠴᠡᠭᠰᠡᠨ ᠥᠩᠭᠡᠷᠡᠯᠲᠡ ᠶᠢ ᠡᠷᠭᠢᠴᠡᠭᠦᠯᠵᠦ᠂ ᠤᠢᠢᠷ᠎ᠠ ᠶᠢᠨ ᠵᠢᠯ ᠤᠨ ᠲᠤᠷᠰᠢᠬᠢ ᠥᠪᠥᠷ ᠮᠣᠩᠭᠤᠯ ᠤᠨ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠲᠠᠯ᠎ᠠ ᠪᠠᠷ ᠬᠢ ᠠᠷᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ ᠶᠢ ᠳ᠋ᠦᠩᠨᠡᠵᠦ ᠂ ᠣᠳᠣᠬᠠᠨ ᠤ ᠥᠪᠥᠷ ᠮᠣᠩᠭᠤᠯ ᠳᠤ ᠣᠷᠣᠰᠢᠵᠤ ᠪᠠᠶᠢᠭ᠎ᠠ ᠬᠡᠯᠪᠡᠷᠢᠴᠢ ᠦᠵᠡᠯ ᠤᠨ ᠲᠤᠪᠤᠶᠢᠮ᠎ᠠ ᠠᠰᠠᠭᠤᠳᠠᠯ ᠵᠢᠴᠢ ᠪᠤᠢ ᠪᠣᠯᠤᠭᠰᠠᠨ ᠰᠢᠯᠲᠠᠭᠠᠨ ᠢ ᠭᠦᠨᠵᠡᠭᠡᠢ ᠵᠠᠳᠠᠯᠪᠠ᠃ ᠲᠡᠷᠡ᠂ ᠬᠡᠯᠪᠡᠷᠢᠴᠢ ᠦᠵᠡᠯ ᠪᠣᠯ ᠠᠷᠬᠠᠭ ᠬᠡᠮ ᠮᠥᠨ᠂ ᠬᠠᠭᠤᠴᠢᠨ ᠠᠰᠠᠭᠤᠳᠠᠯ ᠠᠮᠠᠷᠬᠠᠨ ᠳᠠᠬᠢᠨ ᠢᠯᠡᠷᠡᠬᠦ ᠪᠠᠷ ᠪᠠᠷᠠᠬᠤ ᠥᠬᠡᠶ ᠪᠠᠰᠠ ᠦᠷᠭᠦᠯᠵᠢ ᠰᠢᠨ᠎ᠡ ᠬᠤᠪᠢᠯᠪᠤᠷᠢ ᠭᠠᠷᠳᠠᠭ᠂ ᠢᠩᠭᠢᠬᠦ ᠲᠤᠲᠤᠮ ᠪᠢᠳᠡ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠨᠡᠩ ᠢᠯᠡᠭᠦᠦ ᠪᠠᠳᠠᠷᠠᠭᠤᠯᠵᠤ᠂ ᠣᠷᠳᠣ ᠬᠤᠭᠤᠴᠠᠭ᠎ᠠ ᠪᠠᠷ ᠵᠠᠯᠠᠷᠠᠭᠤᠯᠤᠨ ᠵᠠᠰᠠᠵᠤ᠂ ᠵᠤᠷᠢᠯᠭ᠎ᠠ ᠳᠠᠭᠠᠨ ᠬᠥᠷᠬᠦ ᠥᠬᠡᠶ ᠪᠣᠯ ᠶᠠᠭᠠᠬᠢᠭᠰᠠᠨ ᠴᠤ ᠵᠣᠭᠰᠣᠬᠤ ᠥᠬᠡᠶ ᠪᠠᠶᠢᠬᠤ ᠬᠡᠷᠡᠭᠲᠡᠶ ᠬᠡᠪᠡ᠃    ᠰᠦᠨ ᠱᠤᠤ ᠴᠧᠩ᠂ ᠬᠡᠯᠪᠡᠷᠢᠴᠢ ᠦᠵᠡᠯ ᠢ ᠤᠷᠳᠤ ᠬᠤᠭᠤᠴᠠᠭ᠎ᠠ ᠪᠠᠷ ᠵᠠᠰᠠᠬᠰᠠᠨ ᠴᠤ ᠠᠷᠢᠯᠭᠠᠵᠥ ᠴᠢᠳᠠᠬᠤ ᠦᠬᠡᠢ ᠪᠠᠶᠢᠬᠤ ᠶᠢᠨ ᠭᠤᠣᠯ ᠰᠢᠯᠲᠠᠭᠠᠨ ᠨᠢ ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ ᠪᠣᠯᠤᠨ ᠤᠳᠤᠷᠢᠳᠬᠤ ᠺᠠᠳ᠋ᠷ ᠲᠤ ᠪᠤᠢ᠃ ᠬᠡᠯᠪᠡᠷᠢᠴᠢ ᠦᠵᠡᠯ ᠢ ᠠᠷᠢᠯᠭᠠᠬᠤ ᠳᠤ ᠡᠷᠬᠡᠪᠰᠢ ᠠᠷᠤ ᠳᠠᠬᠢ ᠦᠨᠳᠦᠰᠦ ᠶᠢ ᠨᠢ ᠮᠠᠯᠲᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ ᠪᠣᠯᠤᠨ ᠤᠳᠤᠷᠢᠳᠬᠤ ᠺᠠᠳ᠋ᠷ ᠲᠦᠷᠦᠭᠦᠯᠡᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ︽ᠲᠣᠭᠲᠠᠭᠠᠯ ︾ ᠤᠨ ᠪᠠᠶᠢᠷᠢᠯᠠᠭᠤᠯᠤᠯᠲᠠ ᠪᠣᠯᠤᠨ ᠲᠥᠪ ᠤᠨ ︽ᠲᠣᠭᠲᠠᠭᠠᠯ ᠤᠳ︾ ᠤᠨ ᠱᠠᠭᠠᠷᠳᠠᠯᠭ᠎ᠠ ᠶᠣᠰᠣᠭᠠᠷ᠂ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠶᠣᠰᠣ ᠲᠦᠷᠢᠮ ᠲᠣᠭᠲᠠᠭᠠᠵᠤ᠂ ᠪᠥᠬᠦ ᠣᠷᠣᠨ ᠤ ᠡᠯ᠎ᠡ ᠱᠠᠲᠤᠨ ᠤ ᠬᠢᠨ ᠢ ᠬᠥᠲᠥᠯᠥᠨ ᠳᠠᠭᠠᠭᠤᠯᠵᠤ ᠪᠠᠶᠢᠭᠠᠳ ᠬᠡᠶᠢᠰᠪᠦᠷᠢ ᠶᠢ ᠴᠡᠭᠡᠷᠯᠡᠨ ᠪᠣᠳᠠᠲᠠᠶ ᠶᠢ ᠡᠷᠬᠢᠮᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠡᠭᠦᠷᠭᠡ ᠪᠠᠭᠤᠯᠭᠠᠬᠤ ᠳᠠᠭᠠᠨ ᠦᠨᠡᠨ ᠠᠴᠠ ᠵᠥᠪ ᠢ ᠡᠷᠢᠵᠦ᠂ ᠰᠤᠳᠤᠯᠤᠨ ᠨᠤᠲᠠᠯᠠᠬᠤ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠳᠤ ᠬᠠᠷᠢᠭᠤᠴᠠᠯᠭ᠎ᠠ ᠲᠠᠢ ᠨᠢ ᠬᠠᠷᠢᠯᠴᠠᠨ ᠵᠣᠬᠢᠴᠠᠯᠳᠤᠭᠰᠠᠨ ᠡᠬᠢ ᠪᠠᠶᠠᠯᠢᠭ ᠪᠠ ᠡᠷᠬᠡ ᠶᠢ ᠣᠯᠭᠤᠵᠤ᠂ ᠦᠨᠳᠦᠰᠦᠨ ᠱᠠᠲᠤᠨ ᠤ ᠲᠤᠰᠬᠠᠭᠰᠠᠨ ᠬᠦᠴᠢᠷᠳᠡᠯ ᠢ ᠰᠣᠨᠣᠰᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠠᠵᠢᠯ ᠳᠠᠭᠠᠨ ᠪᠣᠳᠠᠲᠤ ᠦᠷ᠎ᠡ ᠪᠦᠲᠦᠮᠵᠢ ᠶᠢ ᠳᠣᠪᠤᠶᠢᠯᠭᠠᠵᠤ᠂ ᠬᠠᠤᠯᠢ ᠬᠡᠷᠡᠭᠵᠢᠭᠦᠯᠬᠦ ᠳᠡᠭᠡᠨ ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ ᠶᠢ ᠶᠡᠬᠡᠪᠡᠷ ᠬᠡᠷᠡᠭᠵᠢᠭᠦᠯᠦᠨ᠂ ᠠᠰᠠᠭᠤᠳᠠᠯ ᠢ ᠣᠨᠤᠪᠴᠢᠲᠠᠢ ᠢᠯᠡᠷᠡᠭᠦᠯᠵᠦ᠂ ᠠᠰᠠᠭᠤᠳᠠᠯ ᠢ ᠦᠨᠡᠨ ᠮᠥᠨ ᠢᠶᠠᠷ ᠨᠢ ᠬᠠᠷᠢᠭᠤ ᠲᠤᠰᠬᠠᠵᠤ᠂ ᠠᠰᠠᠭᠤᠳᠠᠯ ᠢ ᠰᠢᠶ᠋ᠳᠪᠦᠷᠢᠯᠡᠬᠦ ᠶᠢ ᠦᠨᠡᠨ ᠪᠣᠳᠠᠲᠠᠶ ᠪᠠᠷ ᠠᠬᠢᠭᠤᠯᠬᠤ ᠬᠡᠷᠡᠭᠲᠡᠶ ᠃ ᠦᠨᠡᠨ ᠬᠦ ᠠᠵᠢᠯ ᠬᠢᠵᠦ᠂ ᠠᠵᠢᠯ ᠦᠢᠯᠡᠰ ᠪᠦᠲᠦᠭᠡᠳᠡᠭ ᠺᠠᠳ᠋ᠷ ᠢ ᠶᠡᠭᠡ ᠪᠠᠷ ᠳᠡᠪᠰᠢᠭᠦᠯᠦᠨ ᠬᠡᠷᠡᠭᠯᠡᠵᠦ᠂ ᠦᠨᠡᠨ ᠬᠦ ᠠᠳᠬᠤᠵᠤ ᠪᠣᠳᠠᠲᠠᠢ ᠠᠵᠢᠯᠯᠠᠳᠠᠭ ᠬᠥᠮᠦᠨ ᠳᠤ ᠪᠣᠳᠠᠲᠠᠢ ᠠᠰᠢᠭ ᠬᠦᠷᠲᠡᠭᠡᠵᠦ᠂ ᠦᠨᠡᠨᠴᠢ ᠰᠢᠳᠤᠷᠭᠤ ᠬᠥᠮᠦᠨ ᠢ ᠬᠤᠨᠵᠢᠭᠳᠠᠭᠤᠯᠬᠤ ᠦᠭᠡᠢ ᠪᠠᠶᠢᠬᠤ ᠬᠡᠷᠡᠭᠲᠡᠢ᠃ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠡᠯᠪᠡᠷᠢᠴᠢ ᠦᠵᠡᠯ ᠭᠠᠷᠭᠠᠬᠰᠠᠳ ᠢ ᠦᠷᠡᠭᠳᠡᠯ ᠭᠠᠷᠭᠠᠯᠭᠠᠵᠤ᠂ ᠵᠠᠯᠬᠠᠭᠠᠨ ᠴᠡᠭᠡᠷᠯᠡᠭᠦᠯᠬᠦ ᠬᠡᠷᠡᠭᠲᠡᠢ᠃ ᠶᠡᠷᠦᠩᠬᠡᠶᠢᠯᠡᠪᠡᠯ᠂ ᠠᠷᠭ᠎ᠠ ᠪᠣᠳᠤᠯᠭ᠎ᠠ ᠲᠣᠭᠲᠠᠭᠠᠬᠤ ᠳᠠᠭᠠᠨ ︽ᠪᠣᠳᠠᠲᠠᠢ︾ ᠪᠠᠶᠢᠬᠤ᠂ ᠦᠷ᠎ᠡ ᠪᠦᠲᠦᠮᠵᠢ ᠶᠢ ᠠᠰᠠᠭᠤᠬᠤ ᠳᠠᠭᠠᠨ ︽ᠪᠣᠳᠠᠲᠠᠢ︾ ᠪᠠᠶᠢᠬᠤ᠂ ᠦᠨᠡᠯᠡᠬᠦ ᠳᠡᠭᠡᠨ ︽ᠪᠣᠳᠠᠲᠠᠢ︾ ᠪᠠᠶᠢᠬᠤ ᠶᠢ ᠴᠢᠬᠤᠯᠠᠴᠢᠯᠠᠬᠤ ᠲᠦᠷᠢᠮ ᠲᠣᠭᠲᠠᠴᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠬᠡᠯᠪᠡᠷᠢᠴᠢ ᠦᠵᠡᠯ ᠡᠭᠦᠰᠭᠦ ᠬᠥᠷᠥᠰᠥ ᠰᠢᠷᠣᠢ ᠶᠢ ᠲᠠᠰᠤᠷᠠᠯᠳᠠ ᠦᠭᠡᠢ ᠠᠷᠢᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠤᠯᠤᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠦᠨᠡᠨ ᠬᠦ ᠠᠳᠬᠤᠵᠤ ᠪᠣᠳᠠᠲᠠᠢ ᠠᠵᠢᠯᠯᠠᠬᠤ ᠠᠵᠢᠯᠯᠠᠭᠴᠢ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠪᠣᠳᠠᠲᠠᠢ ᠠᠵᠢᠯᠯᠠᠭᠴᠢ ᠪᠣᠯᠭᠠᠬᠤ ᠬᠡᠷᠡᠭᠲᠡᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号