1-8 ᠳ᠋ᠣᠭᠠᠷ ᠰᠠᠷ᠎ᠠ ᠳᠤ᠂ ᠪᠥᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.8% ᠪᠠᠷ ᠨᠡᠮᠡᠭᠳᠡᠵᠦ᠂ ᠪᠥᠬᠦ ᠬᠤᠲᠠ ᠶᠢᠨ ᠳᠤᠮᠳᠠᠴᠢ | ᠨᠡᠮᠡᠭᠳᠡᠯ ᠤᠨ ᠬᠤᠷᠳᠤᠴᠠ ᠠᠴᠠ 2.2 ᠵᠠᠭᠤᠨ ᠤ ᠨᠢᠭᠡᠴᠢ ᠥᠨᠳᠥᠷ ᠪᠣᠯᠵᠣ᠂ ᠪᠥᠬᠦ ᠬᠤᠲᠠ ᠶᠢᠨ | ᠳᠥᠷᠪᠡᠳᠦᠭᠡᠷ ᠲᠤ ᠵᠢᠭᠰᠠᠭᠠᠭᠳᠠᠵᠠᠶ᠃ | ᠭᠤᠷᠪᠠᠨ ᠶᠡᠭᠡ ᠲᠦᠷᠦᠯ ᠳᠤ ᠬᠤᠪᠢᠶᠠᠵᠤ ᠦᠵᠡᠪᠡᠯ | 1-8 ᠳ᠋ᠣᠭᠠᠷ ᠰᠠᠷ᠎ᠠ ᠳᠤ᠂ ᠠᠭᠤᠷᠬᠠᠶ ᠮᠠᠯᠲᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 29. | 7% ᠪᠠᠷ ᠪᠠᠭᠤᠷᠠᠪᠠ︔ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 42.7% ᠪᠠᠷ ᠨᠡᠮᠡᠭᠳᠡᠪᠡ︔ | ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 14.5% ᠪᠠᠷ ᠪᠠᠭᠤᠷᠠᠪᠠ᠃ | ᠠᠵᠤ ᠠᠬᠤᠶ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ | 1-8 ᠳ᠋ᠣᠭᠠᠷ ᠰᠠᠷ᠎ᠠ ᠳᠤ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18.8% ᠪᠠᠷ ᠪᠠᠭᠤᠷᠠᠪᠠ︔ ᠬᠤᠪᠢ ᠣᠷᠣᠭᠤᠯᠬᠤ | ᠳᠦᠷᠢᠮᠲᠦ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 12.9% ᠨᠡᠮᠡᠭᠳᠡᠪᠡ︔ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 93.1% ᠪᠠᠷ ᠨᠡᠮᠡᠭᠳᠡᠪᠡ᠃ | ᠠᠵᠤ ᠠᠬᠤᠶ ᠶᠢᠨ ᠦᠷ᠎ᠡ ᠠᠰᠢᠭ ᠤᠨ ᠲᠠᠯ᠎ᠠ ᠠᠴᠠ ᠠᠪᠴᠦ ᠦᠵᠡᠪᠡᠯ | 2024 ᠣᠨ ᠤ 1-8 ᠳ᠋ᠣᠭᠠᠷ ᠰᠠᠷ᠎ᠠ ᠳᠤ᠂ ᠪᠥᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 62.98 ᠳ᠋ᠦᠩᠰᠢᠭᠤᠷ ᠲᠥᠭᠦᠷᠢᠭ ᠲᠤ ᠬᠦᠷᠴᠦ᠂ | ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠡᠵᠡᠩᠨᠡᠯᠲᠡ ᠶᠢᠨ ᠣᠷᠣᠯᠭ᠎ᠠ 4.35 | ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠵᠡᠶ᠂ ᠡᠭᠦᠨ ᠳᠤ | ᠦᠢᠯᠡᠳᠬᠦ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 12. | 86% ᠨᠡᠮᠡᠭᠳᠡᠵᠦ᠂ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠭᠤᠤᠯ ᠬᠦᠴᠦᠨ ᠪᠣᠯᠤᠭᠰᠠᠨ | ᠪᠠᠶᠢᠨ᠎ᠠ᠃ |