1-8 ᠳ᠋ᠣᠭᠠᠷ ᠰᠠᠷ᠎ᠠ ᠳᠤ ᠯᠢᠨᠰᠢ ᠰᠢᠶᠠᠨ ᠤ ᠨᠡᠶᠢᠭᠡᠮ ᠤᠨ ᠬᠡᠷᠡᠭᠯᠡᠭᠡᠨ ᠤ ᠡᠳ᠋ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/9/27
      1-8 ᠳ᠋ᠣᠭᠠᠷ ᠰᠠᠷ᠎ᠠ ᠳᠤ᠂ ᠮᠠᠨ ᠤ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 12.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠨ᠂ ᠲᠦᠷᠦᠭᠦᠤ ᠰᠠᠷ᠎ᠠ ᠶᠢᠨ ᠬᠢ ᠠᠴᠠ 0.1 ᠵᠠᠭᠤᠨ ᠤ ᠨᠢᠭᠡᠴᠢ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠭᠤᠷᠪᠠᠳᠤᠭᠠᠷ ᠲᠤ ᠣᠷᠣᠵᠤ᠂ ᠪᠥᠬᠦ ᠬᠤᠲᠠ ᠠᠴᠠ 3.7 ᠵᠠᠭᠤᠨ ᠤ ᠨᠢᠭᠡᠴᠢ ᠥᠨᠳᠥᠷ ᠪᠣᠯᠵᠠᠶ᠃      ᠬᠥᠳᠡᠭᠡ ᠲᠣᠰᠬᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠬᠤᠲᠠ ᠪᠠᠯᠭᠠᠰᠤᠨ ᠤ ᠬᠡᠷᠡᠭᠯᠡᠭᠡᠨ ᠠᠴᠠ ᠬᠤᠷᠳᠣᠨ ᠪᠠᠶᠢᠨ᠎ᠠ      1-8 ᠳ᠋ᠣᠭᠠᠷ ᠰᠠᠷ᠎ᠠ ᠳᠤ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 16.8% ᠪᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 27.8% ᠪᠠᠷ ᠨᠡᠮᠡᠭᠳᠡᠪᠡ᠃ ᠬᠥᠳᠡᠭᠡ ᠲᠣᠰᠬᠤᠨ ᠤ ᠨᠡᠮᠡᠭᠳᠡᠯ ᠤᠨ ᠬᠤᠷᠳᠤᠴᠠ ᠨᠢ ᠬᠤᠲᠠ ᠪᠠᠯᠭᠠᠰᠤ ᠶᠢᠨ ᠨᠡᠮᠡᠭᠳᠡᠯ ᠤᠨ ᠬᠤᠷᠳᠤᠴᠠ ᠠᠴᠠ 11 ᠵᠠᠭᠤᠨ ᠤ ᠨᠢᠭᠡᠴᠢ ᠥᠨᠳᠥᠷ ᠪᠠᠶᠢᠨ᠎ᠠ᠃     ᠲᠠᠸᠠᠷ ᠤᠨ ᠵᠢᠵᠢᠭᠯᠡᠨ ᠬᠤᠳᠠᠯᠳᠤᠭᠰᠠᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠢᠳᠡᠭᠡᠨ ᠤᠮᠳᠠᠭᠠᠨ ᠤ ᠣᠷᠣᠯᠭ᠎ᠠ ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠠᠶᠢᠨ᠎ᠠ      1-8 ᠳ᠋ᠣᠭᠠᠷ ᠰᠠᠷ᠎ᠠ ᠳᠤ᠂ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 19.6% ᠨᠡᠮᠡᠭᠳᠡᠵᠦ᠂ ᠲᠦᠷᠦᠭᠦᠤ ᠰᠠᠷ᠎ᠠ ᠶᠢᠨ ᠬᠢ ᠠᠴᠠ ᠪᠠᠨ 1.9 ᠵᠠᠭᠤᠨ ᠤ ᠨᠢᠭᠡᠴᠢ ᠪᠠᠭᠤᠷᠠᠪᠠ︔ ᠵᠤᠨ ᠤ ᠠᠮᠠᠷᠠᠯᠲᠠ ᠳᠤ ᠵᠤᠭᠠᠴᠠᠬᠤ ᠪᠠᠷ ᠶᠠᠪᠤᠬᠤ ᠵᠡᠷᠭᠡ ᠬᠦᠴᠦᠨ ᠵᠦᠢᠯ ᠤᠨ ᠳᠠᠭᠠᠭᠤᠯᠭ᠎ᠠ ᠪᠠᠷ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 6.0% ᠨᠡᠮᠡᠭᠳᠡᠵᠦ᠂ ᠲᠦᠷᠦᠭᠦᠤ ᠰᠠᠷ᠎ᠠ ᠶᠢᠨ ᠬᠢ ᠠᠴᠠ ᠪᠠᠨ 2.8 ᠵᠠᠭᠤᠨ ᠤ ᠨᠢᠭᠡᠴᠢ ᠨᠡᠮᠡᠭᠳᠡᠵᠡᠶ᠃      ᠰᠠᠭᠤᠭᠠᠯᠢ ᠠᠷᠠᠳ ᠤᠨ ᠠᠮᠢᠳᠤᠷᠠᠯ ᠤᠨ ᠲᠥᠷᠥᠯ ᠤᠨ ᠬᠡᠷᠡᠭᠯᠡᠭᠡᠨ ᠤ ᠨᠡᠮᠡᠭᠳᠡᠯ ᠤᠨ ᠬᠠᠨᠳᠤᠰᠢ ᠲᠣᠭᠲᠠᠭᠤᠨ ᠪᠠᠶᠢᠨ᠎ᠠ      1-8 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ ᠢᠳᠡᠭᠡᠨ ᠤ ᠵᠦᠢᠯ᠂ ᠤᠮᠳᠠᠭᠠᠨ ᠤ ᠵᠦᠢᠯ᠂ ᠠᠷᠢᠬᠢ ᠲᠠᠮᠠᠬᠢᠨ ᠤ ᠵᠦᠢᠯ ᠪᠠ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠣᠰ ᠲᠣᠰ 56.1%᠂ 47.6%᠂ 51.0% ᠪᠠ 10.7% ᠪᠠᠷ ᠨᠡᠮᠡᠭᠳᠡᠪᠡ᠃      ᠳᠡᠰ ᠳᠡᠪᠰᠢᠬᠦ ᠲᠥᠷᠥᠯ ᠤᠨ ᠲᠠᠸᠠᠷ ᠤᠨ ᠬᠠᠨᠳᠤᠰᠢ ᠲᠣᠭᠲᠠᠭᠤᠨ ᠪᠠᠶᠢᠨ᠎ᠠ      1-8 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠪᠴᠠᠰᠤ ᠬᠤᠨᠠᠷ᠂ ᠱᠠᠬᠠᠶ ᠮᠠᠯᠠᠭᠠᠶ᠂ ᠨᠡᠬᠡᠮᠡᠯ ᠤᠨ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢ 4.8% ᠪᠠᠷ ᠨᠡᠮᠡᠭᠳᠡᠪᠡ︔ ᠵᠠᠰᠠᠯ ᠴᠢᠮᠡᠭ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 9.9% ᠪᠠᠷ ᠪᠠᠭᠤᠷᠠᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号