ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠤᠨ᠎ᠠ ᠬᠤᠸᠠᠩ ᡁᠢ ᠴᠢᠶᠠᠩ ᠬᠦᠷᠢᠶ᠎ᠡ ᠬᠤᠰᠢᠭᠤᠨ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/3
    9 ᠳ᠋ᠦ᠋ᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠦᠩᠯᠢᠶᠣᠤ ᠬᠤᠲᠠ ᠶᠢᠨ ᠬᠦᠷᠢᠶ᠎ᠡ ᠬᠤᠰᠢᠭᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃    ᠬᠤᠸᠠᠩ ᡁᠢ ᠴᠢᠶᠠᠩ ᠲᠤᠬᠠᠢ ᠶᠢᠨ ᠭᠠᠵᠠᠷ ᠤᠨ ᠲᠣᠰᠬᠤᠨ ᠪᠠᠯᠭᠠᠰᠤᠨ ᠤ ᠺᠠᠳ᠋ᠷᠴᠤᠳ ᠪᠠ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠬᠠᠮᠲᠤ ᠪᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠭᠰᠠᠨ ᠲᠠᠨᠢᠯᠲᠠ ᠪᠠ ᠣᠶᠢᠯᠠᠭᠠᠯᠲᠠ ᠪᠠᠨ ᠶᠠᠷᠢᠵᠤ᠂ ᠤᠯᠠᠨ ᠲᠠᠢ ᠰᠠᠨᠠᠯ ᠢᠶᠠᠨ ᠰᠣᠯᠢᠯᠴᠠᠵᠠᠢ᠃ ᠲᠡᠷᠡ ᠪᠠᠷ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠯᠤᠭ᠎ᠠ ᠦᠨᠡᠨ ᠬᠦ ᠨᠢᠭᠡᠳᠬᠡᠵᠦ᠂ ᠨᠠᠮ ᠤᠨ ᠲᠥᠪ ᠬᠤᠷᠢᠶᠠᠨ ᠤ ︽ᠲᠣᠭᠲᠠᠭᠠᠯ︾ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠰᠠᠨᠠᠯ︾ ᠤᠨ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠪᠣᠲᠠᠲᠠᠢ ᠳᠤ ᠰᠠᠭᠤᠷᠢᠯᠠᠨ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠣᠯᠠᠨ ᠲᠦᠮᠡᠨ ᠤ ᠬᠦᠴᠢᠷ ᠵᠣᠪᠠᠭᠤᠷᠢ ᠶᠢ ᠦᠨᠡᠨ ᠬᠦ ᠰᠢᠢᠳᠪᠦᠷᠢᠯᠡᠵᠦ ᠪᠠᠶᠢᠭᠠᠳ ᠬᠥᠳᠡᠭᠡ ᠨᠤᠲᠤᠭ ᠤᠨ ᠠᠷᠠᠳ ᠣᠯᠠᠨ ᠤ ᠠᠮᠢᠳᠤᠷᠠᠯ ᠢ ᠡᠳᠦᠷ ᠠᠴᠠ ᠡᠳᠦᠷ ᠥᠭᠡᠳᠡᠯᠡᠭᠦᠯᠬᠦ ᠬᠡᠷᠡᠭᠲᠡᠶ ᠭᠡᠵᠦ ᠬᠡᠯᠡᠪᠡ᠃    ᠤᠬᠠᠭᠤᠯᠤᠨ ᠲᠠᠶᠢᠯᠪᠤᠷᠢᠯᠠᠬᠤ ᠬᠤᠭᠤᠴᠠᠭᠠᠨ ᠳᠤ᠂ ᠬᠤᠸᠠᠩ ᡁᠢ ᠴᠢᠶᠠᠩ ᠪᠠᠰᠠ ᠬᠦᠷᠢᠶ᠎ᠡ ᠬᠤᠰᠢᠭᠤᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠬᠢᠭᠡᠳ ᠲᠠᠷᠢᠶᠠᠯᠠᠩ ᠤᠨ ᠦᠢᠯᠡᠳᠪᠦᠷᠢᠯᠡᠯ ᠳᠤ ᠪᠠᠶᠢᠴᠠᠭᠠᠨ ᠰᠣᠳᠣᠯᠣᠯᠲᠠ ᠬᠢᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号