2024 ᠣᠨ ᠳᠠᠬᠢ ᠪᠥᠬᠦ ᠤᠯᠤᠰ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠬᠢᠭᠡᠳ ᠥᠪᠥᠷ ᠮᠣᠩᠭᠤᠯ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠡᠬᠢᠯᠡᠪᠡ ᠰᠦᠨ ᠵᠢᠶᠦ᠋ᠨ ᠴᠢᠩ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2024/9/4
    9 ᠳ᠋ᠦ᠋ᠭᠡᠷ ᠰᠠᠷ᠎ᠠ ᠶᠢᠨ 1 ᠤ ᠡᠳᠦᠷ᠂ 2024 ᠣᠨ ᠳᠠᠬᠢ ᠪᠦᠬᠦ ᠤᠯᠤᠰ ᠤᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠬᠢᠭᠡᠳ ᠥᠪᠥᠷ ᠮᠣᠩᠭᠤᠯ ᠤᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠᠨ᠎ᠠ ᠶᠠᠪᠤᠭᠳᠠᠵᠠᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ ᠲᠤᠰ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃    ᠠᠵᠢᠯᠯᠠᠭ᠎ᠠ ᠶᠢᠨ ᠵᠣᠷᠢᠯᠭ᠎ᠠ ᠨᠢ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠣᠯᠠᠨ ᠳᠠᠪᠬᠤᠷᠭᠠᠲᠤ ᠣᠯᠠᠨ ᠶᠠᠩᠵᠤ ᠶᠢᠨ ᠤᠬᠠᠭᠤᠯᠭ᠎ᠠ ᠶᠢᠨ ᠬᠡᠯᠪᠡᠷᠢ ᠪᠠᠶᠢᠳᠠᠯ ᠢ ᠪᠦᠷᠢᠯᠳᠦᠭᠦᠯᠬᠦ ᠪᠠᠨ ᠠᠬᠢᠭᠤᠯᠤᠨ᠂ ᠪᠥᠬᠦ ᠨᠡᠶᠢᠭᠡᠮ ᠢᠶᠠᠷ ᠢᠶᠠᠨ ᠡᠮᠴᠢᠯᠡᠭᠡᠨ ᠤ ᠳᠠᠭᠠᠳᠬᠠᠯ ᠢ ᠠᠩᠬᠠᠷᠴᠤ᠂ ᠤᠬᠠᠮᠰᠠᠷ ᠠᠴᠠ ᠪᠠᠨ ᠳᠠᠭᠠᠳᠬᠠᠯ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠠᠪᠤᠳᠠᠯ ᠪᠣᠯᠣᠨ᠎ᠠ᠃ ᠮᠠᠨ ᠤ ᠣᠷᠣᠨ ᠬᠦᠮᠦᠰ ᠤᠨ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ ᠶᠢ ᠨᠠᠶᠢᠳᠠᠪᠤᠷᠢᠵᠢᠭᠤᠯᠵᠤ᠂ ᠲᠣᠭᠠᠵᠢᠭᠤᠯᠤᠭᠰᠠᠨ ᠠᠷᠭ᠎ᠠ ᠪᠠᠷᠢᠯ ᠢ ᠬᠡᠷᠡᠭᠯᠡᠨ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠳᠠᠭᠠᠳᠬᠠᠯ ᠳᠤ ᠣᠷᠣᠯᠴᠠᠬᠤ᠂ ᠬᠥᠮᠦᠨ ᠬᠡᠷᠡᠭᠯᠡᠬᠦ ᠨᠢᠭᠡᠴᠢ ᠶᠢᠨ ᠬᠠᠤᠯᠢ ᠶᠣᠰᠣᠭᠠᠷ ᠰᠦᠢᠳᠬᠡᠯ ᠲᠤᠰᠢᠶᠠᠬᠤ ᠶᠢ ᠬᠥᠲᠥᠯᠥᠨ ᠵᠢᠯᠤᠭᠤᠳᠬᠤ ᠪᠠᠷ ᠪᠠᠶᠢᠨ᠎ᠠ᠃ ᠳᠠᠭᠠᠳᠬᠠᠯ ᠳᠤ ᠣᠷᠣᠯᠴᠠᠬᠤ ᠶᠢ ᠳᠠᠩᠰᠠᠯᠠᠨ ᠲᠡᠮᠳᠡᠭᠯᠡᠬᠦ᠂ ᠬᠠᠮᠢᠶᠠᠷᠴᠤ ᠦᠢᠯᠡᠴᠢᠯᠡᠬᠦ᠂ ᠳᠠᠶᠢᠴᠢᠯᠠᠨ ᠤᠬᠠᠭᠤᠯᠬᠤ᠂ ᠣᠯᠭᠤᠮᠵᠢ ᠶᠢ ᠨᠢ ᠪᠠᠲᠤᠯᠠᠬᠤ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢᠨ ᠳᠥᠭᠦᠮ ᠳᠥᠲᠡ ᠴᠢᠨᠠᠷ ᠪᠠ ᠪᠣᠯᠤᠮᠵᠢᠲᠤ ᠴᠢᠨᠠᠷ ᠢ ᠳᠡᠭᠡᠭᠰᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号