ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠣᠷᠣᠨ ᠪᠦᠰᠡ ᠶᠢᠨ ᠵᠣᠬᠢᠴᠠᠩᠭᠤᠢ ᠴᠢᠨᠠᠷ ᠰᠠᠶᠢᠲᠠᠢ ᠬᠥᠭᠵᠢᠯᠲᠡ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/9/5
    9 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠣᠷᠣᠨ ᠪᠦᠰᠡ ᠶᠢᠨ ᠵᠣᠬᠢᠴᠠᠩᠭᠤᠢ ᠴᠢᠨᠠᠷ ᠰᠠᠶᠢᠲᠠᠢ ᠬᠥᠭᠵᠢᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ 8 ᠰᠠᠷ᠎ᠠ ᠶᠢᠨ 23 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠭᠡᠷᠡᠴᠢᠯᠡᠯᠲᠡ ᠶᠢᠨ ᠠᠷᠭ᠎ᠠ ᠪᠣᠯᠣᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠣᠨᠴᠠᠯᠢᠭᠲᠤ ᠠᠵᠤ ᠦᠢᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠪᠡᠭᠡᠵᠢᠩ ᠯᠦᠭᠡ ᠶᠢᠨ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠶᠡᠭᠡ ᠪᠠᠷ ᠬᠠᠮᠠᠭᠠᠯᠠᠬᠤ᠂ ᠶᠡᠭᠡ ᠪᠠᠷ ᠨᠡᠭᠡᠭᠡᠯᠲᠡ ᠬᠢᠬᠦ᠂ ᠴᠢᠨᠠᠷ ᠰᠠᠶᠢᠲᠠᠢ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠲᠥᠪ ᠤᠨ ᠥᠭᠡᠷᠡᠴᠢᠯᠡᠯᠲᠡ ᠶᠢᠨ ᠠᠵᠢᠯ ᠤᠨ ᠬᠤᠪᠢᠶᠠᠷᠢᠯᠠᠯ ᠤᠨ ᠲᠥᠰᠥᠯ ᠲᠠᠢ ᠬᠠᠷᠢᠴᠠᠭᠤᠯᠵᠤ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠯᠠᠭᠤᠯᠤᠯᠲᠠ ᠪᠠᠨ ᠥᠭᠡᠷᠡᠴᠢᠯᠡᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠤᠯᠤᠰ ᠠᠴᠠ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠢᠳᠡᠪᠬᠢᠲᠡᠢ ᠪᠠᠷ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠳᠣᠪᠤᠶᠢᠯᠭᠠᠵᠤ᠂ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠳᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠡᠯ᠎ᠡ ᠠᠶᠢᠮᠠᠭ ᠬᠤᠲᠠ ᠶᠢᠨ ᠡᠨᠧᠷᠭᠢ ᠠᠷᠪᠢᠯᠠᠬᠤ ᠬᠠᠷᠠᠯᠲᠠ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠪᠣᠯᠣᠨ ᠪᠠᠷᠢᠯᠭ᠎ᠠ ᠶᠢᠨ ᠬᠦᠷᠢᠶᠡᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠲᠤᠬᠠᠢ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠨ᠂ ᠪᠣᠬᠢᠷᠳᠤᠯ ᠦᠭᠡᠢ ᠦᠨᠡᠮᠯᠡᠯ ᠤᠨ ᠠᠷᠠᠯᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠠᠵᠤ ᠦᠢᠯᠡᠳᠪᠦᠷᠢ᠂ ᠪᠠᠷᠢᠯᠭ᠎ᠠ ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢ ᠲᠣᠪᠤᠶᠢᠮ᠎ᠠ ᠰᠠᠶᠢᠲᠤᠷ ᠠᠳᠬᠤᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠣᠬᠢᠷᠳᠤᠯ ᠦᠭᠡᠢ ᠪᠠᠷᠢᠯᠭ᠎ᠠ ᠶᠢ ᠳᠡᠯᠭᠡᠷᠡᠭᠦᠯᠬᠦ ᠳᠠᠯᠳᠠ ᠬᠦᠴᠦᠨ ᠢ ᠠᠭᠤᠳᠠᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠣᠶᠢᠷ᠎ᠠ ᠣᠭᠲᠠᠷᠭᠤᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠭᠠᠳ᠂ ᠠᠭᠠᠷ ᠤᠨ ᠣᠷᠣᠨ ᠳᠠᠬᠢ ᠬᠠᠮᠵᠢᠯᠴᠠᠭᠰᠠᠨ ᠬᠠᠮᠢᠶᠠᠷᠤᠯᠲᠠ ᠳᠡᠭᠡᠷ᠎ᠡ ᠬᠦᠴᠦ ᠲᠠᠯᠪᠢᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠠᠶᠢᠲᠤᠷ ᠨᠢᠭᠡᠳᠦᠯᠲᠡᠢ ᠲᠥᠯᠥᠪᠯᠡᠵᠦ᠂ ᠨᠠᠩ ᠣᠯᠠᠨ ᠦᠵᠡᠭᠳᠡᠯ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠭᠦᠨᠵᠡᠭᠡᠶᠢᠷᠡᠭᠦᠯᠬᠦ ᠲᠤᠬᠠᠢ ᠰᠤᠳᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠭᠦ ᠳᠠᠷᠤᠭᠠᠰᠤ ᠶᠢ ᠬᠥᠩᠭᠡᠷᠡᠭᠦᠯᠬᠦ ᠠᠴᠠ ᠭᠠᠷᠲᠠᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠠᠷ ᠬᠡᠷᠡᠭᠯᠡᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠪᠠ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ︽ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠠᠮᠢᠶᠠᠷᠤᠯᠲᠠ ᠶᠢᠨ ᠳᠦᠷᠢᠮ︾ ᠵᠡᠷᠭᠡ 4 ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号