9 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ | ᠪᠠᠶᠢᠴᠠᠭᠠᠨ ᠰᠤᠳᠤᠯᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠳᠤ᠂ ᠸᠠᠩ ᠯᠢ ᠰᠢᠶᠠ ᠡᠯᠧᠺᠳ᠋ᠷᠣᠨ ᠬᠢᠨᠠᠨ ᠪᠠᠶᠢᠴᠠᠭᠠᠬᠤ ᠰᠢᠰᠲ᠋ᠧᠮ ᠢᠶᠠᠷ | ᠳᠠᠮᠵᠢᠭᠤᠯᠤᠨ ᠡᠯ᠎ᠡ ᠰᠠᠯᠠᠭ᠎ᠠ ᠮᠥᠴᠢᠷ ᠪᠠ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠭᠦᠢᠴᠡᠳᠬᠡᠵᠦ ᠳᠠᠭᠤᠰᠬᠠᠭᠰᠠᠨ ᠨᠣᠷᠮ᠎ᠠ᠂ ᠴᠠᠭ ᠠᠴᠠ ᠬᠡᠲᠦᠷᠡᠭᠰᠡᠨ ᠨᠣᠷᠮ᠎ᠠ ᠶᠢ ᠪᠠᠶᠢᠴᠠᠭᠠᠨ ᠦᠵᠡᠵᠦ᠂ | ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠵᠤ | ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ ᠲᠤᠬᠠᠢ ᠱᠠᠭᠠᠷᠳᠠᠯᠭ᠎ᠠ ᠳᠤᠷᠠᠳᠪᠠ᠃ | ᠲᠡᠷᠡ᠂ ᠤᠯᠠᠨ ᠲᠦᠮᠡᠨ ᠪᠣᠯᠣᠨ ᠠᠵᠤ ᠠᠬᠤᠶᠢᠯᠠᠯ ᠤᠨ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠨ᠂ | ᠦᠢᠯᠡᠴᠢᠯᠡᠭᠡ ᠪᠠᠨ ᠰᠢᠯᠢᠳᠡᠭᠵᠢᠭᠦᠯᠵᠦ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠢ ᠪᠡᠶᠡᠯᠡᠭᠦᠯᠬᠦ︾ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ | ᠂ ᠨᠢᠭᠡ ᠯᠡ ᠤᠳᠠᠭ᠎ᠠ ᠳᠤ ᠰᠢᠢᠳᠪᠦᠷᠢᠯᠡᠵᠦ᠂ ᠲᠦᠷᠭᠡᠨ ᠰᠢᠢᠳᠪᠦᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠬᠢᠨ ᠤᠷᠢᠳ ᠢᠶᠠᠷ ᠲᠦᠷᠭᠡᠨ ᠬᠥᠳᠡᠯᠦᠯᠴᠡᠵᠦ᠂ ᠨᠡᠷᠡᠰ ᠤᠨ ᠵᠢᠭᠰᠠᠭᠠᠯᠲᠠ ᠶᠢᠨ | ᠰᠡᠭᠦᠯ ᠳᠤᠨᠢ ᠣᠷᠣᠵᠤ ᠪᠠᠶᠢᠭ᠎ᠠ ᠰᠠᠯᠠᠭ᠎ᠠ ᠮᠥᠴᠢᠷ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠭᠦ ᠶᠢ ᠱᠠᠯᠠᠪᠳᠠᠭᠤᠯᠤᠨ᠂ | ᠪᠦᠭᠦ ᠣᠷᠣᠨ ᠤ ᠡᠯ᠎ᠡ ᠱᠠᠲᠤᠨ ᠤ ᠬᠢᠨ ᠢ ᠳᠠᠶᠢᠴᠢᠯᠠᠨ ᠥᠨᠳᠥᠷ ᠪᠦᠲᠦᠮᠵᠢᠲᠡᠶ ᠪᠠᠷ ᠠᠵᠢᠯ ᠶᠠᠪᠤᠳᠠᠯ ᠭᠦᠢᠴᠡᠳᠬᠡᠵᠦ | ᠂ ᠣᠯᠠᠨ ᠲᠦᠮᠡᠨ ᠪᠣᠯᠣᠨ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ | ᠬᠡᠷᠡᠭᠲᠡᠢ ᠭᠡᠵᠡᠢ᠃ | ᠸᠠᠩ ᠯᠢ ᠰᠢᠶᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠤᠭᠯᠠᠷᠠᠯ︾ ᠤᠨ ᠰᠢᠨ᠎ᠡ ᠶᠢ ᠡᠭᠦᠳᠬᠦ ᠲᠠᠪᠴᠠᠩ ᠳᠤ ᠭᠤᠷᠪᠠᠳᠠᠭᠢ ᠤᠳᠠᠭ᠎ᠠ ᠬᠦᠷᠴᠦ ᠪᠠᠶᠢᠴᠠᠭᠠᠨ ᠰᠤᠳᠤᠯᠤᠭᠰᠠᠨ | ᠪᠥᠭᠡᠳ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠥᠪᠥᠷ ᠮᠣᠩᠭᠤᠯ ᠳᠠᠬᠢ ᠣᠶᠤᠨᠴᠢ | ᠦᠢᠯᠡᠳᠬᠡᠯ ᠤᠨ ᠰᠤᠳᠤᠯᠭᠠᠨ ᠤ ᠬᠦᠷᠢᠶᠡᠯᠡᠩ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠥᠪᠥᠷ | ᠮᠣᠩᠭᠤᠯ ᠳᠠᠬᠢ ᠰᠤᠳᠤᠯᠭᠠᠨ ᠤ ᠬᠦᠷᠢᠶᠡᠯᠡᠩ ᠳᠤ ᠭᠦᠨᠵᠡᠭᠡᠶᠢᠷᠡᠵᠦ᠂ ᠴᠢᠳᠠᠪᠤᠷᠢᠲᠠᠨ ᠤ ᠪᠦᠯᠭᠦᠮ ᠤᠨ ᠪᠠᠶᠢᠭᠤᠯᠤᠯᠲᠠ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ᠂ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠭᠰᠡᠨ | ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠤᠭᠯᠠᠷᠠᠯ︾ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠨᠢᠭᠡ ᠰᠦᠯᠵᠢᠶ᠎ᠡ︾ 2.0 | ᠬᠡᠪᠯᠡᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ | ᠲᠡᠷᠡ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠪᠣᠯ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ︽ᠵᠠᠭᠤᠴᠢ︾ ᠮᠥᠨ᠂ ᠭᠢᠷᠠᠬᠠᠢ ᠬᠠᠷᠠᠴᠠ ᠪᠠᠷ ᠰᠠᠶᠢᠨ ᠮᠡᠷᠭᠡᠵᠢᠯ᠂ ᠰᠠᠶᠢᠨ | ᠲᠥᠷᠥᠯ ᠵᠦᠢᠯ ᠢ ᠴᠢᠳᠠᠮᠠᠭᠠᠢ ᠢᠯᠡᠷᠡᠭᠦᠯᠵᠦ᠂ ᠰᠢᠨᠵᠢᠯᠡᠬᠦ ᠤᠬᠠᠭᠠᠨᠲᠠᠨ ᠪᠣᠯᠣᠨ ᠠᠵᠤ ᠠᠬᠤᠶᠢᠯᠠᠯᠲᠠᠨ ᠳᠤ ︽ | ᠬᠥᠭᠦᠷᠭᠡ ᠬᠤᠯᠪᠣᠭᠠᠰᠤ︾ ᠶᠢ ᠰᠠᠶᠢᠲᠤᠷ ᠲᠠᠯᠪᠢᠨ ᠥᠭᠴᠦ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ | ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠮᠡᠳᠡᠭᠡ ᠵᠠᠩᠭᠢ ᠶᠢᠨ ᠬᠡᠯᠬᠢᠶ᠎ᠡ ᠶᠢ | ᠨᠢᠭᠲᠠᠷᠠᠭᠤᠯᠵᠤ᠂ ᠨᠠᠩ ᠣᠯᠠᠨ ᠰᠤᠳᠤᠯᠤᠨ ᠨᠡᠭᠡᠭᠡᠭᠰᠡᠨ ᠪᠠ ᠬᠡᠷᠡᠭᠯᠡᠭᠡᠨ ᠤ ᠦᠷ᠎ᠡ ᠪᠦᠲᠦᠭᠡᠯ ᠢ ᠥᠪᠥᠷ | ᠮᠣᠩᠭᠤᠯ ᠳᠤ ᠦᠷ᠎ᠡ ᠪᠦᠲᠦᠮᠵᠢ ᠭᠠᠷᠭᠠᠨ ᠪᠣᠳᠠᠲᠠᠶᠢᠵᠢᠭᠤᠯᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠶᠢᠲᠡᠯᠡᠯ ᠤᠨ ᠲᠦᠷᠦᠯ | ᠲᠡᠮᠳᠡᠭ ᠢ ᠡᠭᠦᠳᠴᠦ᠂ ᠨᠡᠶᠢᠭᠡᠮ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠨᠡᠩ ᠤᠯᠠᠨ ᠠᠵᠤ ᠠᠬᠤᠶᠢᠯᠠᠯ | ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠤᠨ ᠲᠠᠪᠴᠠᠩ ᠳᠤ ᠣᠷᠣᠵᠤ ᠰᠠᠭᠤᠬᠤ ᠶᠢ ᠲᠠᠲᠠᠬᠤ | ᠬᠡᠷᠡᠭᠲᠡᠢ ᠭᠡᠵᠡᠢ᠃ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠡᠷᠳᠡᠨᠢ ᠰᠢᠰᠢ ᠶᠢᠨ | ᠮᠦᠭᠦ ᠶᠢᠨ ᠪᠡᠶ᠎ᠡ ᠶᠢᠨ ᠤᠭᠤᠷᠠᠭ ᠤᠨ ᠠᠮᠢᠳᠤ ᠪᠣᠳᠠᠰ ᠤᠨ ᠢᠰᠭᠡᠭᠰᠡᠨ ᠪᠣᠷᠳᠤᠭ᠎ᠠ ᠶᠢᠨ ᠮᠡᠷᠭᠡᠵᠢᠯ ᠪᠣᠯᠣᠨ ᠲᠣᠭᠲᠠᠮᠠᠯ | ᠵᠢᠮᠲᠦ 3D ᠪᠤᠲ᠋ᠤᠨ ᠤ ᠳᠠᠷᠤᠮᠠᠯᠯᠠᠬᠤ ᠮᠡᠷᠭᠡᠵᠢᠯ ᠢ ᠣᠨᠳᠣᠣᠰᠢᠭᠤᠯᠤᠭᠠᠳ ᠪᠠᠶᠠᠷᠯᠠᠭᠤᠰᠢᠲᠠᠢ ᠦᠷ᠎ᠡ ᠪᠦᠲᠦᠭᠡᠯ | ᠣᠯᠣᠭᠰᠠᠨ ᠢ ᠰᠣᠨᠣᠰᠤᠭᠠᠳ᠂ ᠸᠠᠩ ᠯᠢ ᠰᠢᠶᠠ ᠦᠷ᠎ᠡ ᠪᠦᠲᠦᠭᠡᠯ ᠢ ᠣᠨᠳᠣᠣᠰᠢᠭᠤᠯᠤᠭᠰᠠᠨ ᠠᠰᠢᠭ ᠣᠯᠵᠠᠪᠤᠷᠢ | ᠵᠢᠴᠢ ᠬᠤᠪᠢᠶᠠᠷᠢᠯᠠᠯᠲᠠ ᠶᠢᠨ ᠬᠠᠷᠢᠴᠠᠯ ᠢ ᠨᠠᠷᠢᠨ ᠠᠰᠠᠭᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠠᠵᠤ ᠦᠢᠯᠡᠰ ᠲᠠᠢ ᠵᠣᠯᠭᠠᠭᠤᠯᠵᠤ᠂ ᠵᠠᠬ᠎ᠠ ᠳᠡᠯᠭᠡᠭᠦᠷ ᠲᠠᠢ ᠵᠣᠯᠭᠠᠭᠤᠯᠵᠤ᠂ ᠠᠵᠤ | ᠠᠬᠤᠶᠢᠯᠠᠯ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ | ᠰᠤᠳᠤᠯᠭᠠᠨ ᠤ ᠦᠷ᠎ᠡ ᠪᠦᠲᠦᠭᠡᠯ ᠳᠤ ᠪᠠᠶᠢᠪᠠᠰᠤ ᠵᠣᠬᠢᠬᠤ ᠦᠨ᠎ᠡ ᠦᠷᠲᠡᠭ ᠢ ᠪᠡᠶᠡᠯᠡᠭᠦᠯᠵᠦ᠂ ᠰᠢᠨᠵᠢᠯᠡᠬᠦ | ᠤᠬᠠᠭᠠᠨᠲᠠᠨ ᠢ ᠮᠡᠷᠭᠡᠵᠢᠯ ᠤᠨ ᠡᠭᠦᠳᠦᠨ ᠪᠦᠲᠦᠭᠡᠭᠴᠢ ᠪᠤᠯᠭᠠᠬᠤ ᠪᠠᠷ ᠪᠠᠷᠠᠬᠤ ᠦᠭᠡᠢ ᠨᠡᠩ ᠴᠤ ᠦᠷ᠎ᠡ | ᠪᠦᠲᠦᠭᠡᠯ ᠤᠨ ᠠᠰᠢᠭ ᠭᠦᠷᠲᠡᠭᠴᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠪᠠ᠃ | |