ᠦᠳᠡᠰᠢ ᠶᠢᠨ ᠪᠦᠷᠦᠢ ᠪᠤᠯᠬᠤ ᠪᠠᠷ ᠳᠤᠮᠳᠠᠳᠤ ᠤᠯᠤᠰ ᠤᠨ ᠴᠠᠭᠢᠯᠭᠠᠨ ᠬᠤᠯᠪᠣᠭᠠᠨ ᠤ ᠬᠤᠪᠢᠴᠠᠭᠠᠳᠤ | ᠬᠢᠵᠠᠭᠠᠷᠲᠤ ᠺᠤᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠤᠮᠫᠠᠨᠢ ᠶᠢᠨ ᠲᠣᠮᠣ ᠳ᠋ᠠᠶᠢᠲ᠋ᠠ ᠪᠣᠯᠣᠨ AI | ᠲᠥᠪ ᠤᠨ ᠡᠭᠦᠯᠡᠨ ᠡᠭᠦᠳᠦᠯᠲᠡ ᠶᠢᠨ ᠠᠵᠢᠯᠯᠠᠬᠤ ᠲᠠᠰᠤᠭ ᠲᠤ᠂ ᠾᠧᠦ ᠰᠢᠶᠣᠣ ᠳ᠋ᠦᠩ ᠺᠤᠮᠫᠢᠦ᠋ᠲ᠋ᠧᠷ ᠤᠨ | ᠳᠡᠯᠭᠡᠴᠡ ᠳᠡᠭᠡᠷᠡᠬᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠨᠢᠳᠦ ᠰᠠᠯᠭᠠᠯ ᠦᠭᠡᠢ ᠬᠠᠷᠠᠵᠤ᠂ ᠬᠤᠷᠤᠭᠤ ᠪᠠᠷ ᠢᠶᠠᠨ | ᠺᠤᠮᠫᠢᠦ᠋ᠲ᠋ᠧᠷ ᠤᠨ ᠳᠠᠷᠤᠪᠴᠢ ᠶᠢ ᠲᠦᠷᠭᠡᠨ ᠲᠣᠭᠰᠢᠵᠤ ᠰᠠᠭᠤᠨ᠎ᠠ᠃ | ︽ᠪᠢᠳᠡ ᠲᠣᠭᠲᠠᠮᠠᠯ ᠬᠤᠭᠤᠴᠠᠭ᠎ᠠ ᠲᠠᠢ ᠪᠠᠷ ᠰᠢᠰᠲ᠋ᠧᠮ ᠤᠨ ᠲᠤᠭ᠎ᠠ ᠪᠠᠷᠢᠮᠲᠠ ᠶᠢ ᠨᠥᠭᠡᠴᠡᠯᠡᠨ ᠬᠠᠳᠠᠭᠠᠯᠠᠵᠤ᠂ | ᠰᠡᠷᠭᠡᠭ ᠲᠤᠭ᠎ᠠ ᠪᠠᠷᠢᠮᠲᠠ ᠶᠢ ᠨᠢᠭᠤᠴᠠ ᠪᠠᠷ ᠬᠠᠳᠠᠭᠠᠯᠠᠵᠤ᠂ ᠲᠤᠭ᠎ᠠ ᠪᠠᠷᠢᠮᠲᠠ ᠶᠢ ᠭᠡᠭᠡᠭᠳᠡᠭᠦᠯᠬᠦ ᠪᠠ | ᠵᠠᠳᠠᠷᠠᠭᠤᠯᠬᠤ ᠠᠴᠠ ᠰᠡᠷᠭᠡᠶᠢᠯᠡᠳᠡᠭ᠃ ᠡᠭᠦᠯᠡᠨ ᠲᠠᠪᠴᠠᠩ ᠢ ᠰᠤᠳᠤᠯᠤᠨ ᠨᠡᠭᠡᠭᠡᠬᠦ᠂ ᠵᠥᠭᠡᠯᠡᠨ ᠲᠤᠨᠤᠭ ᠢ ᠲᠤᠷᠰᠢᠨ | ᠬᠡᠷᠡᠭᠯᠡᠬᠦ᠂ ᠫᠷᠣᠭ᠍ᠷᠠᠮ ᠨᠠᠶᠢᠷᠠᠭᠤᠯᠬᠤ᠂ ᠬᠡᠷᠡᠭᠯᠡᠨ ᠤ ᠠᠬᠤᠢ ᠪᠠᠶᠢᠳᠠᠯ ᠢ ᠥᠷᠭᠡᠳᠬᠡᠬᠦ ᠁︾ ᠴᠢᠮᠡᠭᠡ | ᠬᠤᠯᠪᠣᠭᠠᠨ ᠤ ᠠᠵᠢᠯ ᠲᠥᠷᠥᠯ ᠤᠨ IT ᠰᠢᠰᠲ᠋ᠧᠮ ᠤᠨ ᠠᠵᠢᠯᠯᠠᠭᠤᠯᠵᠤ ᠬᠠᠮᠠᠭᠠᠯᠠᠬᠤ ᠠᠵᠢᠯ ᠭᠡᠭᠴᠢ ᠴᠠᠭ ᠨᠡᠮᠡᠵᠦ | ᠠᠵᠢᠯᠯᠠᠬᠤ᠂ ᠰᠥᠨᠢᠵᠢᠨ ᠰᠠᠭᠤᠬᠤ ᠪᠣᠯ ᠡᠩ ᠤᠨ ᠶᠠᠪᠤᠳᠠᠯ᠂ ᠭᠠᠷ ᠤᠲᠠᠰᠤ ᠪᠠᠨ 24 ᠴᠠᠭ ᠢᠶᠠᠷ ᠬᠠᠭᠠᠵᠤ ᠪᠤᠯᠬᠤ | ᠦᠭᠡᠢ᠂ ᠴᠠᠭ ᠢᠮᠠᠭᠲᠠ ᠵᠠᠷᠯᠢᠭ ᠬᠦᠯᠢᠶᠡᠳᠡᠭ ᠭᠡᠵᠦ ᠾᠧᠦ ᠰᠢᠶᠣᠣ ᠳ᠋ᠦᠩ ᠠᠵᠢᠯ ᠤᠨ ᠢᠶᠠᠨ ᠲᠤᠬᠠᠢ | ᠲᠠᠨᠢᠯᠴᠠᠭᠤᠯᠤᠯ᠎ᠠ᠃ | ᠾᠧᠦ ᠰᠢᠶᠣᠣ ᠳ᠋ᠦᠩ᠂ ᠡᠨᠡ ᠵᠢᠯ 45 ᠨᠠᠰᠤᠲᠠᠢ᠃ ᠠᠩᠬ᠎ᠠ ᠠᠵᠢᠯ ᠤᠨ ᠪᠠᠶᠢᠷᠢ ᠳᠤ ᠭᠠᠷᠤᠭᠰᠠᠨ ᠭᠠᠯ | ᠵᠠᠯᠠᠭᠤ ᠰᠢᠨ᠎ᠡ ᠬᠥᠮᠥᠨ ᠪᠠᠶᠢᠭᠰᠠᠨ ᠠᠴᠠ ᠪᠠᠨ ᠡᠭᠦᠯᠡᠨ ᠪᠣᠳᠣᠯᠲᠠ ᠶᠢᠨ ᠬᠦᠷᠢᠶᠡᠨ ᠤ ᠳᠡᠭᠡᠳᠦ ᠵᠡᠷᠭᠡ ᠶᠢᠨ ᠲᠤᠰᠬᠠᠢ | ᠮᠡᠷᠭᠡᠵᠢᠯᠲᠡᠨ᠂ ᠳᠡᠭᠡᠳᠦ ᠵᠡᠷᠭᠡ ᠶᠢᠨ ᠢᠨᠵᠧᠨᠧᠷ ᠪᠣᠯᠣᠨ ᠬᠥᠮᠥᠵᠢᠭᠳᠡᠪᠡ᠂ ᠾᠧᠦ ᠰᠢᠶᠣᠣ ᠳ᠋ᠦᠩ ᠴᠢᠮᠡᠭᠡ | ᠬᠤᠯᠪᠣᠭᠠᠨ ᠤ ᠠᠵᠢᠯ ᠲᠦᠷᠦᠯ ᠤᠨ ᠤᠯᠠᠮᠵᠢᠯᠠᠯᠲᠤ ᠴᠢᠮᠡᠭᠡ ᠬᠤᠯᠪᠤᠭ᠎ᠠ ᠠᠴᠠ ᠣᠶᠤᠨᠴᠢᠯᠠᠭᠰᠠᠨ ᠲᠠᠪᠠᠯᠳᠠᠳᠤ | ᠮᠠᠶ᠋ᠢᠭ ᠤᠨ ᠬᠥᠭᠵᠢᠯᠲᠡ ᠶᠢ ᠥᠩᠭᠡᠷᠡᠭᠦᠯᠵᠦ᠂ 16 ᠵᠢᠯ ᠤᠨ ᠪᠣᠳᠠᠲᠤ ᠠᠵᠢᠯᠯᠠᠭ᠎ᠠ ᠪᠠᠷ ᠢᠶᠠᠨ ᠤᠳᠤ ᠦᠶ᠎ᠡ ᠶᠢᠨ | ᠴᠠᠭᠢᠯᠭᠠᠨ ᠬᠤᠯᠪᠣᠭᠠᠨ ᠤ ᠬᠥᠮᠥᠰ ᠤᠨ ᠡᠭᠦᠷᠭᠡᠯᠡᠯ ᠪᠣᠯᠣᠨ ᠬᠠᠷᠢᠭᠤᠴᠠᠯᠭ᠎ᠠ ᠶᠢ ᠲᠠᠶᠢᠯᠪᠤᠷᠢᠯᠠᠵᠤ᠂ ︽ᠡᠭᠦᠯᠡᠨ | ᠵᠢᠷᠤᠭ ᠲᠥᠯᠥᠪᠯᠡᠭᠴᠢ︾ ᠬᠡᠮᠡᠭᠳᠡᠪᠡ᠃ | 2019 ᠣᠨ ᠳᠤ᠂ ᠾᠧᠦ ᠰᠢᠶᠣᠣ ᠳ᠋ᠦᠩ ᠤᠨ ᠲᠤᠰᠢᠶᠠᠯ ᠡᠭᠦᠷᠭᠡᠯᠡᠵᠦ ᠪᠠᠶᠢᠭᠰᠠᠨ ᠳᠤᠮᠳᠠᠳᠤ ᠤᠯᠤᠰ ᠤᠨ | ᠴᠠᠭᠢᠯᠭᠠᠨ ᠬᠤᠯᠪᠣᠭᠠᠨ ᠤ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠤᠮᠫᠠᠨᠢ | ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ ᠶᠢ ᠤᠭᠲᠤᠨ ᠠᠪᠴᠠᠢ᠃ | ᠭᠡᠲᠡᠯ᠎ᠡ᠂ ᠡᠨᠡ ᠬᠦ ᠪᠠᠶᠢᠳᠠᠯ ᠢ ᠰᠢᠢᠳᠪᠦᠷᠢᠯᠡᠬᠦ ᠵᠠᠮ ᠳᠤ ᠳᠠᠪᠬᠤᠷ ᠳᠠᠪᠬᠤᠷ ᠬᠦᠴᠢᠷᠳᠡᠯ ᠲᠤᠯᠭᠠᠷᠠᠪᠠ᠄ ᠭᠡᠯᠪᠡᠷᠢ ᠪᠠᠨ | ᠬᠤᠪᠢᠷᠠᠭᠤᠯᠬᠤ ᠲᠤᠷᠰᠢᠯᠭ᠎ᠠ ᠳᠤᠲᠠᠮᠠᠭ᠂ ᠲᠤᠰᠬᠠᠢ ᠲᠦᠷᠦᠯ ᠤᠨ ᠪᠡᠯᠡ ᠣᠷᠣᠭᠤᠯᠤᠯᠲᠠ ᠪᠣᠯᠣᠨ ᠮᠡᠷᠭᠡᠵᠢᠯ ᠤᠨ | ᠨᠥᠭᠡᠴᠡ ᠬᠤᠶᠠᠷ ᠲᠠᠯ᠎ᠠ ᠪᠠᠷ ᠪᠦᠷ ᠪᠠᠴᠢᠮ ᠪᠠᠶᠢᠳᠠᠯ ᠳᠤ ᠣᠷᠣᠵᠤ᠂ ᠮᠡᠷᠭᠡᠵᠢᠯ ᠤᠨ ᠲᠤᠯᠭᠠᠭᠤᠷᠢᠯᠠᠯ ᠨᠡᠩ ᠴᠤ ᠭᠠᠷ | ᠮᠡᠬᠦᠰ ᠭᠠᠨᠵᠤᠭ᠎ᠠ ᠲᠠᠲᠠᠭᠤ ᠪᠠᠶᠢᠯ᠎ᠠ᠃ | ᠺᠤᠮᠫᠠᠨᠢ ᠶᠢᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠤᠨ ᠳᠠᠭᠠᠭᠤᠯᠤᠭᠴᠢ | ᠪᠣᠯᠤᠭᠰᠠᠨ ᠤ ᠬᠤᠪᠢ ᠳᠤ ᠾᠧᠦ ᠰᠢᠶᠣᠣ ᠳ᠋ᠦᠩ ᠡᠨᠡ ᠤᠳᠠᠭ᠎ᠠ ᠴᠣ᠋ ︽ᠰᠢᠨ᠎ᠡ ᠶᠡᠭᠡ ᠰᠢᠯᠭᠠᠯᠲᠠ︾ ᠠᠴᠠ | ᠬᠤᠶᠢᠰᠢ ᠤᠬᠤᠷᠢᠭ᠎ᠠ ᠦᠭᠡᠢ᠃ ᠲᠡᠷᠡ ᠵᠠᠭᠤᠨ ᠡᠳᠦᠷ ᠤᠨ ᠪᠠᠶᠢᠯᠳᠤᠭᠠᠨ ᠤ ᠲᠥᠯᠥᠪᠯᠡᠭᠡ ᠲᠣᠭᠲᠠᠭᠠᠵᠤ᠂ ᠡᠳᠦᠷ | ᠪᠦᠷᠢ ᠶᠢᠨ ᠠᠵᠢᠯ ᠠᠴᠠ ᠪᠠᠭᠤᠭᠰᠠᠨ ᠤ ᠳᠠᠷᠠᠭᠠᠬᠢ 2 ᠴᠠᠭ ᠢ ᠠᠰᠢᠭᠯᠠᠨ᠂ ᠪᠦᠯᠭᠦᠮ ᠤᠨ ᠭᠡᠰᠢᠭᠦᠳ ᠢᠶᠠᠨ | ᠳᠠᠭᠠᠭᠤᠯᠤᠨ ᠴᠠᠭ ᠮᠥᠴᠡ ᠶᠢ ᠠᠯᠳᠠᠯ ᠦᠭᠡᠢ ᠪᠠᠷ ᠮᠡᠷᠭᠡᠵᠢᠯ ᠳᠡᠭᠡᠭᠰᠢᠯᠡᠭᠦᠯᠭᠦ ᠪᠠᠷ ᠰᠤᠷᠤᠯᠴᠠᠵᠤ᠂ ᠮᠡᠳᠡᠯᠭᠡ ᠶᠢᠨ | ᠪᠠᠬᠢᠯᠡᠯᠲᠡ ᠶᠢ ᠰᠢᠪᠲᠤᠯᠪᠠ᠃ ᠨᠢᠭᠡᠨ ᠵᠢᠵᠢᠭᠬᠡᠨ ᠬᠤᠷᠠᠯ ᠤᠨ ᠭᠡᠷ ᠲᠤ᠂ ᠬᠥᠮᠥᠨ ᠪᠦᠷᠢ ᠨᠢᠭᠡ ᠭᠠᠷ ᠺᠤᠮᠫᠢᠦ᠋ᠲ᠋ᠧᠷ | ᠠᠳᠬᠤᠵᠤ᠂ ᠢᠳᠡᠵᠦ ᠤᠤᠭᠤᠬᠤ ᠬᠤᠨᠣᠵᠤ ᠬᠡᠪᠲᠡᠬᠦ ᠪᠠᠨ ᠤᠮᠠᠷᠲᠠᠨ ᠮᠡᠷᠭᠡᠵᠢᠯ ᠤᠨ ᠬᠦᠴᠢᠷ ᠠᠰᠠᠭᠤᠳᠠᠯ ᠢ | ᠰᠢᠢᠳᠪᠦᠷᠢᠯᠡᠵᠦ ᠢᠷᠡᠵᠡᠢ᠃ ᠲᠡᠳᠡ AI ᠮᠡᠷᠭᠡᠵᠢᠯ ᠢ ᠠᠰᠢᠭᠯᠠᠨ ︽ᠡᠭᠦᠯᠡᠨ ᠡᠭᠦᠳᠦᠯᠲᠡ ᠣᠶᠤᠨᠴᠢ ᠠᠵᠢᠯᠯᠠᠭᠠᠨ ᠤ | ᠬᠠᠪᠰᠤᠷᠤᠭᠴᠢ︾ ᠶᠢ ᠰᠤᠳᠤᠯᠤᠨ ᠦᠢᠯᠡᠳᠴᠦ᠂ ᠮᠠᠰᠢᠨ ᠤ ᠥᠷᠥᠭᠡᠨ ᠤ ᠲᠣᠭᠤᠷᠢᠨ ᠪᠠᠶᠢᠴᠠᠭᠠᠬᠤ ᠡᠭᠦᠷᠭᠡ ᠶᠢ | ᠲᠦᠷᠭᠡᠨ ᠪᠡᠶᠡᠯᠡᠭᠦᠯᠵᠦ ᠴᠢᠳᠠᠭᠰᠠᠨ ᠢᠶᠠᠷ ᠪᠠᠷᠠᠬᠤ ᠦᠭᠡᠢ ᠨᠠᠷᠢᠨ ᠲᠣᠳᠣᠷᠬᠠᠢ ᠲᠣᠭᠤᠷᠢᠨ ᠪᠠᠶᠢᠴᠠᠭᠠᠯᠲᠠ ᠶᠢᠨ | ᠮᠡᠳᠡᠭᠦᠯᠦᠯᠲᠡ ᠶᠢ ᠳᠠᠷᠦ᠋ᠢᠬᠠᠨ ᠭᠦᠢᠴᠡᠳᠬᠡᠵᠦ ᠴᠢᠳᠠᠳᠠᠭ᠃ ᠡᠨᠡ ᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠨᠢ | ᠠᠵᠢᠯᠯᠠᠭᠠᠨ ᠤ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ | ᠠᠵᠢᠯ ᠤᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠠᠵᠤ ᠠᠬᠤᠶᠢᠯᠠᠯ ᠤᠨ ᠲᠣᠭᠠᠴᠢᠯᠠᠭᠰᠠᠨ | ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ | ᠲᠡᠭᠦᠨ ᠤ ᠲᠥᠰᠥᠪᠯᠡᠨ ᠰᠠᠶᠢᠵᠢᠷᠠᠭᠤᠯᠤᠭᠰᠠᠨ ᠡᠭᠦᠯᠡᠨ ᠬᠠᠳᠠᠭᠠᠯᠠᠯᠲᠠ ᠶᠢᠨ ᠠᠷᠭ᠎ᠠ ᠨᠢ ᠺᠤᠮᠫᠠᠨᠢ ᠳᠤ 200 ᠲᠦᠮᠡᠨ | ᠲᠥᠭᠦᠷᠢᠭ ᠤᠨ ᠪᠡᠯᠡ ᠣᠷᠣᠭᠤᠯᠤᠯᠲᠠ ᠶᠢ ᠠᠷᠪᠢᠯᠠᠵᠤ ᠥᠭᠪᠡ᠃ | ᠾᠧᠦ ᠰᠢᠶᠣᠣ ᠳ᠋ᠦᠩ ᠪᠦᠯᠭᠦᠮ ᠢᠶᠠᠨ ᠳᠠᠭᠠᠭᠤᠯᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ | ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ︽ᠶᠡᠭᠡ ᠰᠢᠯᠭᠠᠯᠲᠠ︾ ᠶᠢ ᠳᠠᠪᠠᠵᠤ᠂ ᠠᠵᠢᠯ ᠲᠥᠷᠥᠯ ᠤᠨ | ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠲᠤᠲᠠᠭᠳᠠᠵᠤ ᠪᠣᠯᠣᠰᠢ ᠦᠭᠡᠢ | ᠬᠦᠴᠦᠨ ᠴᠢᠳᠠᠯ ᠢᠶᠠᠨ ᠡᠷᠭᠦᠪᠡ᠃ ︽ᠶᠠᠭ ᠡᠨᠡ ᠤᠳᠠᠭ᠎ᠠ ᠶᠢᠨ ︿ᠶᠡᠭᠡ ᠰᠢᠯᠭᠠᠯᠲᠠ﹀ ᠶᠢ ᠥᠩᠭᠡᠷᠡᠭᠡᠭᠡᠳ᠂ ᠮᠠᠨ ᠤ | ᠪᠦᠯᠭᠦᠮ ᠦᠳᠲᠡᠷ ᠲᠦᠷᠭᠡᠨ ᠦᠰᠦᠨ ᠪᠤᠶᠢᠵᠢᠵᠤ᠂ ᠬᠤᠶᠢᠰᠢᠳᠠ ᠶᠢᠨ ᠠᠵᠢᠯ ᠳᠤ ᠪᠠᠨ ᠯᠠᠪᠳᠠᠭᠤᠨ ᠪᠠᠲᠤᠲᠠᠢ | ᠰᠠᠭᠤᠷᠢ ᠶᠢ ᠲᠠᠯᠪᠢᠵᠤ ᠥᠭᠴᠡᠢ︾ ᠭᠡᠵᠦ ᠾᠧᠦ ᠰᠢᠶᠣᠣ ᠳ᠋ᠦᠩ ᠬᠡᠯᠡᠨ᠎ᠡ᠃ | ᠨᠢᠳᠦ ᠢᠷᠮᠡᠬᠦ ᠶᠢᠨ ᠵᠠᠭᠤᠷ᠎ᠠ 2021 ᠣᠨ ᠪᠣᠯᠣᠯ᠎ᠠ᠃ ᠺᠤᠮᠫᠠᠨᠢ ᠶᠢᠨ IT ᠰᠢᠰᠲ᠋ᠧᠮ ᠢ ᠪᠦᠭᠦ ᠲᠠᠯ᠎ᠠ ᠪᠠᠷ | ᠡᠭᠦᠯᠡᠨ ᠳᠤ ᠭᠠᠷᠭᠠᠬᠤ ᠬᠠᠲᠠᠭᠤ ᠡᠭᠦᠷᠭᠡ ᠾᠧᠦ ᠰᠢᠶᠣᠣ ᠳ᠋ᠦᠩ ᠤᠨ ᠮᠥᠷᠥᠨ ᠳᠡᠭᠡᠷ᠎ᠡ ᠲᠠᠯᠪᠢᠭᠳᠠᠪᠠ᠃ ᠾᠧᠦ | ᠰᠢᠶᠣᠣ ᠳ᠋ᠦᠩ ᠤᠨ ᠪᠦᠯᠭᠦᠮ ᠤᠨ ᠬᠢᠨ ᠡᠳᠦᠷ ᠰᠥᠨᠢ ᠦᠭᠡᠢ ᠴᠢᠷᠮᠠᠶᠢᠨ 2000 ᠭᠠᠷᠤᠢ PC | ᠦᠢᠯᠡᠴᠢᠯᠡᠭᠦᠷ ᠤᠨ ᠪᠦᠯᠦᠭᠵᠢᠯ ᠢᠶᠠᠷ ᠪᠦᠷᠢᠯᠳᠦᠭᠰᠡᠨ ᠶᠡᠭᠡ ᠬᠡᠪᠴᠢᠶᠡᠨ ᠤ ᠡᠭᠦᠯᠡᠨ ᠪᠣᠳᠣᠯᠲᠠ ᠶᠢᠨ ᠰᠠᠭᠤᠷᠢ | ᠲᠠᠪᠴᠠᠩ ᠢ ᠠᠮᠵᠢᠯᠲᠠ ᠲᠠᠢ ᠪᠠᠶᠢᠭᠤᠯᠤᠭᠰᠠᠨ ᠪᠥᠭᠡᠳ ᠡᠭᠦᠯᠡᠨ ᠳᠤ ᠭᠠᠷᠭᠠᠬᠤ ᠠᠵᠢᠯ ᠢ ᠬᠠᠭᠠᠰ ᠵᠢᠯ ᠤᠷᠢᠳᠴᠢᠯᠠᠨ | ᠪᠡᠶᠡᠯᠡᠭᠦᠯᠪᠡ᠃ ᠲᠣᠰ ᠵᠢᠯ ᠳᠤ᠂ ᠺᠤᠮᠫᠠᠨᠢ ᠨᠢ ᠪᠦᠭᠦ ᠤᠯᠤᠰ ᠤᠨ ︽ᠡᠭᠦᠯᠡᠨ ᠳᠤ ᠭᠠᠷᠭᠠᠬᠤ ᠲᠡᠷᠢᠭᠦᠨ ᠤ ᠨᠢᠭᠡᠴᠢ︾ | ᠪᠠ ︽ᠡᠭᠦᠯᠡᠨ ᠳᠤ ᠭᠠᠷᠭᠠᠬᠤ ᠪᠣᠭᠤᠮᠲᠠ ᠰᠢᠪᠲᠤᠯᠬᠤ ᠨᠢᠭᠡᠴᠢ︾ ᠶᠢᠨ ᠢᠷᠠᠭᠤ ᠠᠯᠳᠠᠷ ᠢ ᠭᠦᠷᠳᠡᠪᠡ᠃ | ᠡᠭᠦᠯᠡᠨ ᠪᠣᠳᠣᠯᠲᠠ᠂ ᠣᠶᠤᠨᠴᠢ ᠪᠣᠳᠣᠯᠲᠠ ᠶᠢᠨ ᠴᠢᠳᠠᠪᠤᠷᠢ ᠪᠣᠯ ᠲᠣᠭᠠᠴᠢᠯᠠᠭᠰᠠᠨ ᠳᠤᠮᠳᠠᠳᠤ ᠤᠯᠤᠰ᠂ | ᠲᠣᠭᠠᠴᠢᠯᠠᠭᠰᠠᠨ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠬᠤ ᠡᠵᠡᠩᠨᠡᠯᠲᠡ ᠶᠢᠨ ᠭᠡᠯᠪᠡᠷᠢ ᠶᠢᠨ ᠰᠠᠭᠤᠷᠢ ᠮᠥᠨ᠂ | ᠪᠠᠰᠠ ᠴᠤ ᠠᠵᠤ ᠠᠬᠤᠶᠢᠯᠠᠯ ᠤᠨ ᠭᠤᠣᠯ ᠰᠠᠭᠤᠷᠢ ᠮᠥᠨ᠃ ᠾᠧᠦ ᠰᠢᠶᠣᠣ ᠳ᠋ᠦᠩ ᠮᠡᠳᠡᠭᠡ ᠵᠠᠩᠭᠢ ᠶᠢᠨ | ᠬᠤᠪᠢᠰᠬᠠᠯ ᠤᠨ ᠤᠷᠤᠰᠬᠠᠯ ᠤᠨ ᠳᠤᠮᠳᠠ ᠦᠷᠭᠦᠯᠵᠢᠯᠡᠨ ᠳᠠᠪᠠᠯᠭᠠᠨ ᠢ ᠵᠦᠰᠦᠨ ᠤᠷᠤᠭᠰᠢᠯᠠᠪᠠ᠃ | 2022 ᠣᠨ ᠳᠤ᠂ ᠾᠧᠦ ᠰᠢᠶᠣᠣ ᠳ᠋ᠦᠩ ᠲᠦᠷᠦᠭᠦᠯᠡᠨ ᠨᠢᠭᠡ ᠴᠣᠭᠴᠠᠵᠢᠭᠤᠯᠤᠭᠰᠠᠨ ᠠᠵᠢᠯᠯᠠᠭᠤᠯᠵᠤ | ᠬᠠᠮᠠᠭᠠᠯᠠᠬᠤ ᠲᠠᠪᠴᠠᠩ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ᠂ ᠲᠠᠪᠤᠨ ᠳᠠᠪᠬᠤᠷ ︽ᠦᠵᠦᠭᠦᠷ ᠠᠴᠠ | ᠦᠵᠦᠭᠦᠷ ᠬᠦᠷᠬᠦ︾ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠰᠠᠭᠠᠳ ᠤᠨ ᠦᠨᠳᠦᠰᠦ ᠰᠤᠷᠪᠤᠯᠵᠢ ᠶᠢ | ᠦᠳᠲᠡᠷ ᠲᠦᠷᠭᠡᠨ ᠢᠶᠠᠷ ᠪᠠᠶᠢᠷᠢ ᠲᠣᠭᠲᠠᠭᠠᠯᠲᠠ ᠬᠢᠬᠦ ᠶᠢ ᠪᠡᠶᠡᠯᠡᠭᠦᠯᠵᠦ᠂ ᠲᠤᠬᠠᠶᠢᠯᠠᠭᠰᠠᠨ ᠠᠵᠢᠯ ᠲᠠᠰᠤᠯᠳᠠᠬᠤ | ᠠᠶᠤᠯ ᠲᠦᠭᠰᠢᠭᠦᠷᠢ ᠶᠢ ᠪᠠᠭᠠᠰᠬᠠᠵᠤ᠂ ᠰᠢᠰᠲ᠋ᠧᠮ ᠤᠨ ᠠᠵᠢᠯᠯᠠᠭᠠᠨ ᠤ ᠦᠷ᠎ᠡ ᠪᠦᠲᠦᠮᠵᠢ ᠶᠢ ᠶᠡᠭᠡ ᠪᠠᠷ | ᠳᠡᠭᠡᠭᠰᠢᠯᠡᠭᠦᠯᠪᠡ︔ 2023 ᠣᠨ ᠳᠤ᠂ ᠤᠯᠤᠰ ᠤᠨ ᠭᠠᠳᠠᠭᠠᠳᠤ ᠶᠢᠨ ᠳ᠋ᠠᠶᠢᠲ᠋ᠠ ᠬᠥᠮᠥᠷᠭᠡ ᠳᠤ ᠲᠦᠰᠢᠭᠯᠡᠬᠦ ᠠᠴᠠ | ᠮᠤᠯᠲᠤᠷᠠᠬᠤ ᠶᠢᠨ ᠲᠥᠯᠥᠭᠡ᠂ ᠲᠡᠷᠡ ᠪᠡᠶ᠎ᠡ ᠪᠠᠨ ᠳᠠᠭᠠᠭᠠᠵᠤ ᠳ᠋ᠠᠶᠢᠲ᠋ᠠ ᠬᠥᠮᠥᠷᠭᠡ ᠶᠢ ᠰᠤᠳᠤᠯᠤᠨ ᠨᠡᠭᠡᠭᠡᠬᠦ ᠲᠠᠯ᠎ᠠ ᠪᠠᠷ | ᠲᠤᠷᠰᠢᠯᠲᠠ ᠬᠢᠵᠦ᠂ 9 ᠰᠠᠷ᠎ᠠ ᠭᠠᠷᠤᠢ ᠶᠢᠨ ᠴᠢᠷᠮᠠᠶᠢᠯᠭ᠎ᠠ ᠪᠠᠷ ᠳᠡᠮᠵᠢᠨ ᠮᠤᠵᠢ ᠶᠢᠨ ᠺᠤᠮᠫᠠᠨᠢ ᠶᠢᠨ ᠴᠤᠭᠯᠠᠷᠠᠯ | ᠬᠥᠮᠥᠷᠭᠡ ᠶᠢᠨ ︽0︾ ᠢ ᠦᠭᠡᠢ ᠪᠤᠯᠭᠠᠬᠤ ᠬᠦᠴᠢᠷ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠭᠰᠡᠨ ᠪᠥᠭᠡᠳ | ᠪᠠᠰᠠ ᠪᠤᠰᠤᠳ ᠮᠤᠵᠢ ᠣᠷᠣᠨ ᠤ ᠠᠳᠠᠯᠢᠬᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠡᠷᠬᠢᠮ ᠨᠠᠨᠳᠢᠨ | ᠲᠤᠷᠰᠢᠯᠭ᠎ᠠ ᠬᠠᠩᠭᠠᠭᠰᠠᠨ ᠪᠠᠶᠢᠨ᠎ᠠ᠃ | 2024 ᠣᠨ ᠳᠤ᠂ ᠳᠤᠮᠳᠠᠳᠤ ᠤᠯᠤᠰ ᠤᠨ ᠴᠠᠭᠢᠯᠭᠠᠨ ᠬᠤᠯᠪᠣᠭᠠᠨ ᠤ ᠬᠤᠪᠢᠴᠠᠭᠠᠳᠤ ᠬᠢᠵᠠᠭᠠᠷᠲᠤ | ᠺᠤᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠤᠮᠫᠠᠨᠢ ᠶᠢᠨ ᠲᠣᠮᠣ ᠳ᠋ᠠᠶᠢᠲ᠋ᠠ ᠪᠠ AI ᠲᠥᠪ ᠨᠢ ᠡᠭᠦᠯᠡᠨ | ᠡᠭᠦᠳᠦᠯᠲᠡ ᠶᠢᠨ ᠠᠵᠢᠯᠯᠠᠬᠤ ᠦᠷᠦᠭᠡ ᠶᠢ ᠪᠠᠶᠢᠭᠤᠯᠵᠤ᠂ ᠾᠧᠦ ᠰᠢᠶᠣᠣ ᠳ᠋ᠦᠩ ᠰᠠᠨᠠᠭᠠᠴᠢᠯᠠᠭ᠎ᠠ ᠠᠴᠠ ᠪᠠᠨ | ᠠᠵᠢᠯᠯᠠᠬᠤ ᠦᠷᠦᠭᠡ ᠶᠢᠨ ᠬᠠᠷᠢᠭᠤᠴᠠᠯᠭᠠᠲᠠᠨ ᠪᠤᠯᠬᠤ ᠪᠠᠷ ᠭᠤᠶᠤᠴᠢᠯᠠᠪᠠ᠃ | ᠠᠵᠢᠯᠯᠠᠬᠤ ᠦᠷᠦᠭᠡ ᠪᠠᠶᠢᠭᠤᠯᠤᠭᠳᠠᠭᠰᠠᠨ ᠠᠴᠠ ᠨᠠᠭᠠᠰᠢ᠂ ᠾᠧᠦ ᠰᠢᠶᠣᠣ ᠳ᠋ᠦᠩ ᠪᠦᠯᠭᠦᠮ ᠢᠶᠠᠨ | ᠳᠠᠭᠠᠭᠤᠯᠤᠨ ᠠᠯᠢ ᠣᠯᠠᠨ ᠰᠢᠨ᠎ᠡ ᠶᠢ ᠡᠭᠦᠳᠬᠦ ᠴᠢᠨᠠᠷᠲᠠᠢ ᠠᠵᠢᠯ ᠢ ᠬᠢᠪᠡ᠃ ᠮᠤᠵᠢ ᠶᠢᠨ ᠬᠡᠪᠴᠢᠶᠡᠨ ᠤ ᠡᠭᠦᠯᠡᠨ | ᠲᠠᠲᠠᠭᠠᠯ ᠤᠨ ᠳᠣᠲᠣᠷᠠᠬᠢ 8082 IT ᠡᠳ᠋ ᠬᠥᠷᠥᠩᠭᠡ ᠶᠢ ᠨᠢᠭᠡᠳᠦᠯᠲᠡᠢ ᠪᠠᠷᠢᠮᠵᠢᠶᠠᠵᠢᠭᠰᠠᠨ ᠠᠵᠢᠯᠯᠠᠭᠤᠯᠵᠤ | ᠬᠠᠮᠠᠭᠠᠯᠠᠬᠤ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠡᠭᠦᠯᠡᠨ ᠲᠠᠲᠠᠭᠠᠯ ᠤᠨ ᠡᠳ᠋ ᠬᠥᠷᠥᠩᠭᠡ ᠶᠢ ᠪᠠᠷᠤᠭ | 578 ᠲᠦᠮᠡᠨ ᠲᠥᠭᠦᠷᠢᠭ ᠠᠮᠢᠯᠠᠭᠤᠯᠪᠠ᠃ AI ᠪᠠ ᠳ᠋ᠠᠶᠢᠲ᠋ᠠ ᠶᠢᠨ ᠮᠡᠷᠭᠡᠵᠢᠯ ᠢ ᠭᠦᠨᠵᠡᠭᠡᠢ ᠠᠭᠤᠰᠤᠯᠴᠠᠭᠤᠯᠵᠤ᠂ | ᠣᠶᠤᠨᠴᠢᠯᠠᠭᠰᠠᠨ ᠠᠵᠢᠯᠯᠠᠭᠤᠯᠵᠤ ᠬᠠᠮᠠᠭᠠᠯᠠᠬᠤ ᠰᠢᠰᠲ᠋ᠧᠮ ᠢ ᠪᠠᠶᠢᠭᠤᠯᠵᠤ᠂ ᠰᠠᠭᠠᠳ ᠲᠣᠳᠬᠠᠷ ᠢ ᠣᠶᠤᠨᠴᠢ ᠪᠠᠷ | ᠬᠢᠨᠠᠨ ᠡᠵᠡᠮᠳᠡᠬᠦ᠂ ᠰᠠᠭᠠᠳ ᠲᠣᠳᠬᠠᠷ ᠢ ᠠᠦ᠋ᠲ᠋ᠣ᠋ ᠪᠠᠷ ᠰᠡᠷᠭᠦᠭᠡᠬᠦ᠂ ᠲᠤᠭ᠎ᠠ ᠪᠠᠷᠢᠮᠲᠠ ᠶᠢ ᠣᠶᠤᠨᠴᠢ ᠪᠠᠷ ᠵᠠᠳᠠᠯᠬᠤ | ᠪᠦᠭᠦ ᠶᠠᠪᠤᠴᠠ ᠶᠢ ᠬᠠᠮᠤᠷᠤᠭᠤᠯᠵᠠᠢ᠃ | ︽ᠴᠢᠮᠡᠭᠡ ᠬᠤᠯᠪᠣᠭᠠᠨ ᠤ ᠠᠵᠢᠯ ᠲᠥᠷᠥᠯ ᠤᠨ ᠮᠡᠷᠭᠡᠵᠢᠯ ᠤᠨ ᠳᠠᠪᠬᠤᠴᠠᠯ ᠬᠤᠷᠳᠤᠴᠠ ᠲᠠᠰᠤᠷᠠᠯᠲᠠ ᠦᠭᠡᠢ | ᠲᠦᠷᠭᠡᠳᠴᠦ᠂ ᠡᠳᠦᠷ ᠢᠷᠡᠬᠦᠶ᠎ᠡ ᠰᠢᠨᠡᠳᠦᠨ ᠬᠤᠪᠢᠷᠠᠵᠤ ᠪᠤᠢ᠃ ᠰᠠᠨᠠᠭᠠᠴᠢᠯᠠᠭᠠᠲᠤ ᠡᠷᠬᠡ ᠶᠢ ᠣᠯᠬᠤ ᠳᠤ ᠡᠷᠬᠡᠪᠰᠢ | ᠲᠠᠰᠤᠷᠠᠯᠲᠠ ᠦᠭᠡᠢ ᠰᠤᠷᠤᠯᠴᠠᠵᠤ᠂ ᠥᠪᠡᠷ ᠢ ᠪᠠᠨ ᠳᠡᠭᠡᠭᠰᠢᠯᠡᠭᠦᠯᠭᠦ ᠬᠡᠷᠡᠭᠲᠡᠢ︾ ᠭᠡᠵᠦ ᠾᠧᠦ ᠰᠢᠶᠣᠣ ᠳ᠋ᠦᠩ | ᠭᠦᠨ ᠲᠥᠷᠥᠭᠳᠡᠯ ᠲᠠᠢ ᠶᠠᠷᠢᠨ᠎ᠠ᠃ ᠲᠡᠭᠦᠨ ᠤ ᠳᠠᠭᠠᠭᠤᠯᠭ᠎ᠠ ᠳᠣᠣᠷ᠎ᠠ᠂ ᠪᠦᠯᠭᠦᠮ ᠤᠨ ᠬᠢᠨ ᠬᠦᠨᠳᠦ ᠡᠭᠦᠷᠭᠡ ᠶᠢ | ᠡᠭᠦᠷᠭᠡᠯᠡᠵᠦ᠂ ᠭᠠᠷᠮᠠᠭᠠᠢ ᠪᠣᠳᠠᠲᠤ ᠬᠦᠴᠦᠨ ᠢᠶᠠᠨ ᠢᠯᠡᠷᠡᠭᠦᠯᠵᠦ᠂ ᠤᠳᠠᠭ᠎ᠠ ᠳᠠᠷᠠᠭᠠᠯᠠᠨ ᠰᠢᠯᠢᠳᠡᠭ ᠠᠮᠵᠢᠯᠲᠠ | ᠣᠯᠵᠠᠢ᠃ ᠮᠠᠰᠢ ᠣᠯᠠᠨ ᠬᠥᠮᠥᠨ ᠨᠢᠭᠡᠨᠲᠡ ᠳᠡᠭᠡᠳᠦ ᠲᠠᠰ ᠤᠨ ᠬᠠᠮ ᠴᠢᠳᠠᠪᠤᠷᠢᠲᠠᠨ ᠪᠣᠯᠵᠤ᠂ ᠠᠵᠢᠯᠯᠠᠭᠤᠯᠵᠤ | ᠬᠠᠮᠠᠭᠠᠯᠠᠬᠤ ᠲᠤᠭ᠎ᠠ ᠪᠠᠷᠢᠮᠲᠠ ᠶᠢ ᠭᠦᠨᠵᠡᠭᠡᠢ ᠵᠠᠳᠠᠯᠬᠤ ᠴᠢᠳᠠᠪᠤᠷᠢ ᠲᠠᠢ ᠪᠣᠯᠵᠤ᠂ ᠪᠠᠶᠢᠩᠭᠤ ᠲᠣᠬᠢᠶᠠᠯᠳᠤᠳᠠᠭ | ᠰᠠᠭᠠᠳ ᠲᠣᠳᠬᠠᠷ ᠢ ᠵᠠᠰᠠᠨ ᠰᠡᠷᠭᠦᠭᠡᠬᠦ ᠠᠷᠭ᠎ᠠ ᠪᠣᠳᠣᠯᠭ᠎ᠠ ᠶᠢ ᠨᠠᠷᠢᠨ ᠣᠨᠣᠪᠴᠢᠲᠠᠶ ᠲᠣᠭᠲᠠᠭᠠᠬᠤ ᠶᠢᠨ ᠬᠠᠮᠲᠤ | ᠰᠠᠭᠠᠳ ᠲᠣᠳᠬᠠᠷ ᠢ ᠵᠠᠰᠠᠨ ᠰᠡᠷᠭᠦᠭᠡᠬᠦ ᠠᠦ᠋ᠲ᠋ᠣᠴᠢᠯᠠᠭᠰᠠᠨ ᠫᠷᠣᠭ᠍ᠷᠠᠮ ᠢ ᠪᠡᠶ᠎ᠡ ᠪᠠᠨ ᠳᠠᠭᠠᠭᠠᠵᠤ ᠨᠠᠶᠢᠷᠠᠭᠤᠯᠤᠨ | ᠪᠢᠴᠢᠵᠦ ᠴᠢᠳᠠᠬᠤ ᠪᠣᠯᠵᠠᠢ᠃ ᠡᠨᠡ ᠬᠦ ᠵᠠᠯᠠᠭᠤ ᠪᠦᠯᠭᠦᠮ ᠤᠨ ᠪᠦᠷᠢᠯᠳᠦᠭᠦᠨ ᠤ ᠳᠤᠮᠳᠠᠴᠢ ᠨᠠᠰᠤ ᠨᠢ ᠰᠠᠶ᠋ᠢ 32 | ᠪᠢᠯᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠳᠡᠭᠡᠷ᠎ᠡ ᠾᠧᠦ ᠰᠢᠶᠣᠣ ᠳ᠋ᠦᠩ | ᠴᠤᠴᠠᠯᠲᠠ ᠦᠭᠡᠢ ᠤᠷᠤᠭᠰᠢᠯᠠᠨ ᠲᠡᠮᠡᠴᠡᠭᠰᠡᠭᠡᠷ ᠢᠷᠡᠵᠠᠢ᠃ ᠡᠭᠦᠨ ᠤ ᠬᠥᠳᠡᠯᠭᠡᠬᠦ ᠬᠦᠴᠦᠨ ᠨᠢ ᠶᠠᠭᠤ ᠪᠤᠢ ᠭᠡᠵᠦ | ᠠᠰᠠᠭᠤᠪᠠᠯ ᠾᠧᠦ ᠰᠢᠶᠣᠣ ᠳ᠋ᠦᠩ᠄ ︽ᠰᠢᠨ᠎ᠡ ᠶᠢ ᠡᠭᠦᠳᠬᠦ ᠵᠣᠷᠢᠭ ᠰᠠᠨᠠᠭ᠎ᠠ ᠨᠢ ᠶᠠᠭ ᠯᠠ ᠬᠡᠷᠡᠯᠳᠦ ᠴᠠᠮᠬᠠᠭ | ᠰᠢᠭ᠋ ᠢᠶᠠᠷ ᠪᠢᠳᠡᠨ ᠤ ᠤᠷᠤᠭᠰᠢᠯᠠᠬᠤ ᠵᠠᠮ ᠢ ᠭᠡᠷᠡᠯᠳᠤᠭᠦᠯᠦᠨᠡ︾ ᠭᠡᠵᠡᠢ᠃ | 4 ᠰᠠᠷ᠎ᠠ ᠶᠢᠨ 28 ᠤ ᠦᠳᠡ ᠶᠢᠨ ᠡᠮᠦᠨ᠎ᠡ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ | ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ | ᠦᠪᠡᠳᠡᠭᠰᠢ ᠶᠡᠭᠡ ᠪᠠᠷ ᠶᠠᠪᠤᠭᠳᠠᠪᠠ᠃ ᠾᠧᠦ ᠰᠢᠶᠣᠣ ᠳ᠋ᠦᠩ ᠮᠠᠨ ᠤ ᠣᠷᠣᠨ ᠤ 60 ᠬᠥᠬᠢᠭᠦᠯᠦᠨ | ᠰᠠᠶᠢᠰᠢᠶᠠᠭᠳᠠᠭᠴᠢ ᠶᠢᠨ ᠨᠢᠭᠡ ᠪᠣᠯᠤᠭᠰᠠᠨ ᠤ ᠬᠤᠪᠢ ᠳᠤ ᠪᠡᠭᠡᠵᠢᠩ ᠳᠤ ᠬᠦᠷᠴᠦ ᠬᠥᠬᠢᠭᠦᠯᠦᠨ ᠰᠠᠶᠢᠰᠢᠶᠠᠬᠤ ᠶᠡᠭᠡ | ᠬᠤᠷᠠᠯ ᠳᠤ ᠣᠷᠣᠯᠴᠠᠪᠠ᠃ | ︽ᠠᠷᠠᠳ ᠤᠨ ᠶᠡᠭᠡ ᠬᠤᠷᠠᠯ ᠤᠨ ᠲᠠᠩᠬᠢᠮ ᠳᠤ ᠤᠯᠤᠰ ᠤᠨ ᠰᠦᠯᠳᠡ ᠳᠠᠭᠤᠤ ᠶᠢ ᠬᠥᠭᠵᠢᠮᠳᠡᠬᠦ ᠦᠶ᠎ᠡ ᠳᠤ᠂ | ᠠᠯᠠᠭ᠎ᠠ ᠲᠡᠰᠢᠯᠲᠡ ᠶᠢᠨ ᠳᠠᠭᠤᠨ ᠨᠢᠵᠢᠭᠢᠨᠡᠬᠦ ᠦᠶ᠎ᠡ ᠳᠤ ᠪᠢ ᠡᠬᠡ ᠤᠯᠤᠰ ᠤᠨ ᠢᠶᠠᠨ ᠬᠦᠴᠦᠷᠬᠡᠭ ᠶᠡᠭᠡ ᠶᠢ | ᠰᠡᠳᠬᠢᠯ ᠳᠡᠭᠡᠨ ᠮᠡᠳᠡᠷᠡᠵᠦ᠂ ᠣᠮᠣᠭᠰᠢᠯᠲᠤ ᠰᠡᠳᠬᠢᠯᠭᠡ ᠠᠶᠠᠨᠳᠠᠭᠠᠨ ᠲᠥᠷᠥᠭᠳᠡᠪᠡ︕︾ ᠭᠡᠵᠦ ᠾᠧᠦ ᠰᠢᠶᠣᠣ | ᠳ᠋ᠦᠩ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠬᠰᠠᠨ ᠲᠥᠷᠥᠭᠳᠡᠯ ᠢᠶᠠᠨ ᠶᠠᠷᠢᠬᠤ ᠳᠤ᠂ ᠬᠤᠭᠤᠯᠠᠢ | ᠴᠡᠴᠡᠷᠬᠢᠯᠡᠨ ᠳᠣᠬᠳᠣᠯᠤᠬᠰᠠᠨ ᠰᠡᠳᠬᠢᠯᠭᠡ ᠪᠠᠨ ᠳᠠᠷᠤᠵᠤ ᠶᠠᠳᠠᠨ ᠪᠠᠶᠢᠯ᠎ᠠ᠃ | ᠾᠧᠦ ᠰᠢᠶᠣᠣ ᠳ᠋ᠦᠩ᠄ ︽︿ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ﹀ ᠶᠢᠨ ᠢᠷᠠᠭᠤ ᠠᠯᠳᠠᠷ ᠢ | ᠭᠥᠷᠳᠡᠭᠰᠡᠨ ᠨᠢ ᠦᠢᠯᠡᠰ ᠤᠨ ᠲᠡᠭᠦᠰᠬᠡᠯ ᠪᠢᠰᠢ᠃ ᠪᠢ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ | ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ | ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠪᠦᠯᠭᠦᠮ ᠢᠶᠠᠨ ᠳᠠᠭᠠᠭᠤᠯᠤᠨ ᠴᠠᠭ ᠦᠶ᠎ᠡ ᠲᠠᠢ ᠵᠡᠷᠭᠡ ᠪᠠᠷ | ᠤᠷᠤᠭᠰᠢᠯᠠᠨ ᠰᠢᠨ᠎ᠡ ᠡᠭᠦᠳᠦᠯᠲᠡ ᠪᠠᠷ ᠣᠷᠣᠨ ᠨᠤᠲᠤᠭ ᠤᠨ ᠠᠵᠤ ᠠᠬᠤᠢ ᠳᠤ ᠦᠢᠯᠡᠴᠢᠯᠡᠵᠦ ᠲᠣᠭᠠᠴᠢᠯᠠᠭᠰᠠᠨ | ᠥᠪᠥᠷ ᠮᠣᠩᠭᠤᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠥᠪᠥᠷ ᠮᠣᠩᠭᠤᠯ ᠤᠨ ᠪᠣᠳᠣᠯᠲᠠ ᠶᠢᠨ | ᠬᠦᠴᠦᠨ ᠤ ᠡᠬᠢ ᠪᠠᠶᠠᠯᠢᠭ ᠤᠨ ᠬᠥᠷᠥᠰᠥ ᠰᠢᠷᠣᠢ ᠶᠢᠨ ᠳᠠᠪᠠᠭᠤᠯᠢᠭ ᠢ ᠠᠰᠢᠭᠯᠠᠨ᠂ ᠡᠭᠦᠯᠡᠨ ᠪᠣᠳᠣᠯᠲᠠ᠂ AI | ᠵᠡᠷᠭᠡ ᠬᠦᠷᠢᠶ᠎ᠡ ᠴᠠᠷᠠᠭ᠎ᠠ ᠶᠢᠨ ᠰᠢᠨ᠎ᠡ ᠶᠢ ᠡᠭᠦᠳᠬᠦ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ | ᠠᠵᠤ ᠦᠢᠯᠡᠰ ᠤᠨ ᠲᠣᠭᠠᠴᠢᠯᠠᠯᠲᠠ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠴᠢᠳᠠᠪᠤᠷᠢ | ᠣᠯᠭᠤᠨ᠎ᠠ︾ ᠭᠡᠵᠡᠢ᠃ | |