ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2024 ᠣᠨ ᠤ 6 ᠳ᠋ᠤᠭᠠᠷ | ᠰᠠᠷ᠎ᠠ ᠠᠴᠠ ᠡᠬᠢᠯᠡᠨ ᠥᠪᠥᠷ ᠮᠣᠩᠭᠤᠯ ᠤᠨ ᠳ᠋ᠠᠶᠢᠲ᠋ᠠ ᠶᠢᠨ ᠠᠷᠠᠯᠵᠢᠶᠠᠨ ᠤ ᠲᠥᠪ ᠢ ᠠᠵᠢᠯᠯᠠᠭᠤᠯᠤᠭᠰᠠᠨ ᠠᠴᠠ | ᠨᠠᠭᠠᠰᠢ᠂ ᠣᠬᠤᠷᠬᠠᠨ ᠬᠤᠭᠤᠴᠠᠭᠠᠨ ᠳᠤ 380 ᠡᠷᠦᠬᠡ ᠳ᠋ᠠᠶᠢᠲ᠋ᠠ ᠶᠢᠨ ᠬᠤᠳᠠᠯᠳᠤᠭᠠᠴᠢᠨ ᠢ ᠬᠤᠷᠠᠨ ᠴᠤᠭᠯᠠᠭᠤᠯᠵᠤ | ᠂ ᠳ᠋ᠠᠶᠢᠲ᠋ᠠ ᠶᠢᠨ ᠨᠡᠷᠡᠳᠬᠦᠨ 480 ᠵᠦᠢᠯ ᠢ ᠵᠠᠬ᠎ᠠ ᠳᠡᠯᠭᠡᠭᠦᠷ ᠲᠤ ᠭᠠᠷᠭᠠᠪᠠ᠂ ᠳ᠋ᠠᠶᠢᠲ᠋ᠠ ᠠᠷᠠᠯᠵᠢᠶᠠᠯᠠᠭᠰᠠᠨ | ᠵᠣᠭᠤᠰ ᠤᠨ ᠲᠤᠭ᠎ᠠ ᠨᠢ 5859 ᠲᠦᠮᠡᠨ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ | ᠳ᠋ᠢᠭᠢᠳ᠋ᠴᠢᠯᠡᠭᠰᠡᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠭᠰᠡᠨ ᠪᠠᠶᠢᠨ᠎ᠠ᠃ | ᠥᠪᠥᠷ ᠮᠣᠩᠭᠤᠯ ᠤᠨ ᠳ᠋ᠠᠶᠢᠲ᠋ᠠ ᠶᠢᠨ ᠠᠷᠠᠯᠵᠢᠶᠠᠨ ᠤ ᠲᠥᠪ ᠨᠢ ︽ᠳ᠋ᠠᠶᠢᠲ᠋ᠠ ᠶᠢᠨ ᠨᠡᠷᠡᠳᠬᠦᠨ ᠢ ᠲᠥᠪᠯᠡᠷᠡᠭᠦᠯᠬᠦ | ᠲᠠᠪᠴᠠᠩ + ᠠᠮᠢ ᠠᠬᠤᠶ ᠶᠢ ᠪᠠᠶᠢᠭᠤᠯᠤᠭᠴᠢ + ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠳᠠᠯᠳᠤᠭᠠᠴᠢᠨ + | ᠬᠥᠭᠵᠢᠯᠲᠡ ᠶᠢᠨ ᠲᠤᠷᠰᠢᠯᠲᠠ ᠶᠢᠨ ᠲᠠᠷᠢᠶ᠎ᠠ︾ ᠶᠢᠨ ᠳᠥᠷᠪᠡᠨ ᠶᠡᠭᠡ ᠴᠢᠳᠠᠮᠵᠢ ᠶᠢᠨ ᠪᠠᠶᠢᠷᠢ ᠲᠣᠭᠲᠠᠭᠠᠯᠲᠠ ᠶᠢᠨ | ᠲᠣᠭᠤᠷᠢᠨ ᠳᠤ᠂ ᠳᠠᠩᠰᠠᠯᠠᠨ ᠲᠡᠮᠳᠡᠭᠯᠡᠬᠦ᠂ ᠠᠷᠠᠯᠵᠢᠶ᠎ᠠ ᠶᠢ ᠵᠤᠬᠢᠴᠠᠭᠤᠯᠬᠤ᠂ ᠮᠡᠷᠭᠡᠵᠢᠯ ᠢᠶᠠᠷ ᠬᠦᠴᠦᠨ ᠨᠡᠮᠡᠷᠢᠯᠡᠬᠦ ᠪᠠᠷ | ᠳᠠᠮᠵᠢᠭᠤᠯᠤᠨ᠂ ᠳ᠋ᠠᠶᠢᠲ᠋ᠠ ᠶᠢᠨ ᠬᠠᠩᠭᠠᠯᠭ᠎ᠠ ᠬᠡᠷᠡᠭᠴᠡᠭᠡᠨ ᠤ ᠬᠠᠷᠰᠢ ᠰᠠᠭᠠᠳ ᠢ ᠦᠭᠡᠢ ᠪᠣᠯᠭᠠᠵᠤ᠂ ᠪᠥᠬᠦ | ᠤᠯᠤᠰ ᠤᠨ ᠳ᠋ᠠᠶᠢᠲ᠋ᠠ ᠶᠢᠨ ᠬᠦᠴᠦᠨ ᠵᠦᠢᠯ ᠤᠨ ᠵᠠᠬ᠎ᠠ ᠳᠡᠯᠭᠡᠭᠦᠷ ᠲᠠᠬᠢ ︽ᠥᠪᠥᠷ ᠮᠣᠩᠭᠤᠯ ᠤᠨ ᠬᠡᠪ ᠵᠠᠭᠪᠤᠷ︾ ᠢ | ᠴᠣᠭᠴᠠᠯᠠᠪᠠ᠃ ᠮᠥᠩᠭᠦᠨ ᠭᠦᠢᠯᠭᠡᠭᠡ᠂ ᠡᠮᠴᠢᠯᠡᠭᠡ᠂ ᠡᠨᠧᠷᠭᠢ᠂ ᠲᠠᠷᠢᠶᠠᠯᠠᠩ ᠮᠠᠯ ᠠᠵᠤ ᠠᠬᠤᠢ ᠵᠡᠷᠭᠡ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠠᠩᠭᠠᠯᠭ᠎ᠠ — ᠬᠡᠷᠡᠭᠴᠡᠭᠡ — ᠲᠠᠪᠴᠠᠩ︾ ᠤᠨ | ᠰᠠᠶᠢᠨ ᠣᠷᠴᠢᠯ ᠢ ᠪᠤᠢ ᠪᠣᠯᠭᠠᠪᠠ᠃ ᠡᠭᠦᠨ ᠳᠤ᠂ ᠲᠠᠪᠴᠠᠩ ᠳᠤ ᠭᠠᠷᠭᠠᠭᠰᠠᠨ ᠲᠠᠷᠢᠶᠠᠯᠠᠩ ᠤᠨ ᠴᠠᠭ ᠠᠭᠤᠷ ᠤᠨ | ᠳ᠋ᠠᠶᠢᠲ᠋ᠠ ᠶᠢᠨ ᠨᠡᠷᠡᠳᠬᠦᠨ ᠨᠢ ᠣᠨᠣᠴᠠᠲᠠᠶ ᠪᠠᠷ ᠲᠠᠷᠢᠵᠤ ᠤᠷᠭᠤᠭᠤᠯᠬᠤ ᠳᠤ ᠬᠦᠴᠦᠨ ᠨᠡᠮᠡᠷᠢᠯᠡᠵᠦ᠂ ᠵᠠᠮ | ᠬᠠᠷᠢᠯᠴᠠᠭᠠᠨ ᠤ ᠪᠠᠶᠢᠳᠠᠯ ᠤᠨ ᠳ᠋ᠠᠶᠢᠲ᠋ᠠ ᠶᠢᠨ ᠨᠡᠷᠡᠳᠬᠦᠨ ᠨᠢ ᠲᠦᠭᠵᠢᠷᠡᠯ ᠤᠨ ᠤᠷᠢᠳᠴᠢᠯᠠᠭᠰᠠᠨ ᠲᠦᠰᠦᠭᠡᠯᠡᠯ ᠢ | ᠰᠢᠯᠢᠳᠡᠭᠵᠢᠭᠦᠯᠦᠨ᠂ ᠡᠮᠴᠢᠯᠡᠭᠡᠨ ᠤ ᠲᠥᠰᠥᠭᠡᠯᠡᠯ ᠤᠨ ᠳ᠋ᠠᠶᠢᠲ᠋ᠠ ᠶᠢᠨ ᠨᠡᠷᠡᠳᠬᠦᠨ ᠨᠢ ᠦᠨᠳᠦᠰᠦᠨ ᠱᠠᠲᠤᠨ ᠤ | ᠣᠨᠣᠰᠢᠯᠠᠨ ᠡᠮᠨᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠢᠲᠡᠭᠡᠮᠵᠢ ᠶᠢᠨ | ᠳ᠋ᠠᠶᠢᠲ᠋ᠠ ᠶᠢᠨ ᠨᠡᠷᠡᠳᠬᠦᠨ ᠨᠢ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠬᠥᠮᠦᠨ ᠤ ᠪᠠᠯᠠ | ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠤᠳ ᠢ ᠰᠢᠢᠳᠪᠦᠷᠢᠯᠡᠬᠦ ᠳᠤ ᠰᠢᠪᠲᠤᠯᠤᠯᠲᠠ ᠲᠠᠢ ᠪᠣᠯᠭᠠᠵᠤ᠂ ᠳ᠋ᠠᠶᠢᠲ᠋ᠠ ᠪᠠᠷ | ᠳᠠᠮᠵᠢᠨ ᠢᠯᠡᠷᠡᠭᠰᠡᠨ ᠥᠷᠲᠡᠭ ᠨᠢ ᠣᠯᠠᠨ ᠬᠦᠷᠢᠶ᠎ᠡ ᠴᠠᠷᠠᠭᠠᠨ ᠳᠤ ᠨᠠᠶᠢᠳᠠᠪᠤᠷᠢᠵᠢᠭᠤᠯᠤᠭᠳᠠᠪᠠ᠃ | ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠳ᠋ᠠᠶᠢᠲ᠋ᠠ ᠶᠢᠨ ᠠᠷᠠᠯᠵᠢᠶᠠᠨ ᠤ ᠲᠥᠪ ᠨᠢ ᠳ᠋ᠠᠶᠢᠲ᠋ᠠ ᠶᠢᠨ | ᠬᠦᠴᠦᠨ ᠵᠦᠢᠯ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠪᠠᠷ ᠲᠤᠯᠭᠠᠭᠤᠷᠢᠯᠠᠬᠤ ᠴᠡᠭ ᠪᠣᠯᠭᠠᠵᠤ᠂ ᠳ᠋ᠠᠶᠢᠲ᠋ᠠ ᠶᠢᠨ | ᠬᠦᠴᠦᠨ ᠵᠦᠢᠯ ᠤᠨ ᠦᠷᠳᠡᠭ ᠢ ᠨᠢ ᠲᠦᠷᠭᠡᠬᠡᠨ ᠪᠠᠳᠠᠷᠠᠭᠤᠯᠵᠤ᠂ ᠣᠷᠣᠨ ᠪᠦᠰᠡ ᠳᠠᠬᠢ ᠳ᠋ᠠᠶᠢᠲ᠋ᠠ ᠶᠢᠨ | ᠠᠷᠠᠯᠵᠢᠶᠠᠨ ᠤ ᠲᠠᠯᠠᠪᠤᠷ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ︽ | ᠳ᠋ᠢᠭᠢᠳ᠋ᠴᠢᠯᠡᠭᠰᠡᠨ ᠬᠥᠳᠡᠯᠭᠡᠭᠴᠢ ᠬᠦᠴᠦᠨ︾ ᠨᠡᠮᠡᠷᠢᠯᠡᠬᠦ ᠪᠣᠯᠣᠨ᠎ᠠ᠃ |