5 ᠰᠠᠷ᠎ᠠ ᠶᠢᠨ 19 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ | ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ | ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠪᠦᠭᠦ ᠣᠷᠣᠨ ᠤ ᠠᠵᠤ ᠠᠬᠤᠢ ᠶᠢᠨ ᠠᠵᠢᠯ ᠤᠨ | ᠵᠠᠳᠠᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠲᠦᠷᠦᠭᠦᠯᠡᠨ ᠦᠨᠳᠦᠰᠦᠨ ᠱᠠᠲᠤᠨ ᠳᠤ ᠬᠦᠷᠴᠦ | ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠬᠦ ᠬᠡᠷᠡᠭᠲᠡᠢ᠃ 12345 | ᠬᠠᠯᠠᠮᠰᠢᠯ ᠤᠲᠠᠰᠤ ᠪᠠᠷ ᠲᠤᠰᠬᠠᠭᠰᠠᠨ ᠬᠦᠰᠡᠯ ᠱᠠᠭᠠᠷᠳᠠᠯᠭ᠎ᠠ ᠶᠢ ᠪᠦᠭᠦ᠋ᠢᠯᠡ ᠭᠤᠭᠴᠤᠭ᠎ᠠ ᠪᠠᠷ ᠰᠢᠢᠳᠪᠦᠷᠢᠯᠡᠬᠦ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ | ᠲᠠᠩᠰᠠ ᠶᠢᠨ ᠡᠭᠦᠷᠭᠡ ᠶᠢ ᠰᠠᠶᠢᠲᠤᠷ ᠬᠢᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ | ᠪᠠᠶᠢᠭ᠎ᠠ ᠶᠠᠪᠤᠳᠠᠯ ᠢ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ | ᠬᠦᠴᠦᠷᠬᠡᠭᠵᠢᠭᠦᠯᠬᠦ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠰᠤᠳᠤᠯᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠠᠷᠰᠢ ᠶᠢ ᠴᠡᠪᠡᠷᠯᠡᠨ | ᠴᠡᠭᠴᠡᠯᠡᠬᠦ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ | ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ | ᠠᠬᠢᠭᠤᠯᠬᠤ ᠬᠡᠷᠡᠭᠲᠡᠢ᠃ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ ᠤᠶᠠᠯᠳᠤᠭᠤᠯᠤᠨ᠂ ᠴᠢᠬᠤᠯᠠ ᠶᠡᠭᠡ | ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂ ᠭᠡᠷ᠎ᠡ ᠲᠣᠭᠲᠠᠭᠰᠠᠨ ᠲᠥᠷᠥᠯ | ᠵᠦᠢᠯ ᠢ ᠡᠷᠲᠡᠬᠡᠨ ᠪᠠᠷᠢᠯᠭ᠎ᠠ ᠡᠬᠢᠯᠡᠭᠦᠯᠬᠦ᠂ ᠪᠠᠷᠢᠯᠭ᠎ᠠ ᠡᠬᠢᠯᠡᠭᠦᠯᠦᠭᠰᠡᠨ ᠲᠥᠷᠥᠯ ᠵᠦᠢᠯ ᠢ ᠨᠠᠩ ᠣᠯᠠᠨ ᠪᠣᠳᠠᠲᠤ | ᠬᠡᠮᠵᠢᠶ᠎ᠡ ᠲᠠᠢ ᠪᠤᠯᠭᠠᠬᠤ᠂ ᠪᠠᠶᠢᠭᠤᠯᠵᠤ ᠳᠠᠭᠤᠰᠤᠭᠰᠠᠨ ᠲᠥᠷᠥᠯ ᠵᠦᠢᠯ ᠤᠨ ᠦᠢᠯᠡᠳᠪᠦᠷᠢᠯᠡᠯ ᠢ ᠳᠠᠷᠤᠢ ᠲᠦᠷᠭᠡᠨ | ᠡᠬᠢᠯᠡᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠮᠠᠯᠴᠢᠨ ᠲᠠᠷᠢᠶᠠᠴᠢᠨ ᠵᠡᠷᠭᠡ | ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠰᠠᠶᠢᠲᠤᠷ ᠠᠳᠬᠤᠵᠤ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ᠂ ᠰᠢᠨ᠎ᠡ ᠡᠨᠧᠷᠭᠢ ᠵᠡᠷᠭᠡ ᠬᠦᠷᠢᠶᠡᠨ ᠳᠤ ᠪᠡᠭᠡᠵᠢᠩ ᠲᠢᠶᠠᠨᠵᠢᠨ ᠾᠧᠪᠧᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠣᠷᠣᠨ ᠪᠦᠰᠡ ᠯᠦᠭᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ | ᠳᠤᠮᠳᠠ ᠥᠪᠥᠷ ᠮᠣᠩᠭᠤᠯ ᠤᠨ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ︽ᠰᠠᠨᠠᠯ︾ ᠪᠣᠯᠣᠨ 48 ᠶᠠᠮᠤᠨ ᠵᠥᠪᠯᠡᠯ ᠤᠨ ᠢᠵᠢ ᠪᠦᠷᠢᠳᠦᠭᠦᠯᠦᠭᠰᠡᠨ ᠪᠢᠴᠢᠭ | ᠮᠠᠲ᠋ᠧᠷᠢᠶᠠᠯ ᠢ ᠴᠢᠩᠭ᠎ᠠ ᠠᠩᠬᠠᠷᠴᠤ᠂ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠤᠨ ᠴᠠᠭ ᠤᠨ ᠬᠦᠰᠦᠨᠦᠭᠲᠦ᠂ | ᠪᠠᠷᠢᠯᠭ᠎ᠠ ᠶᠢᠨ ᠵᠢᠷᠤᠭ ᠢ ᠨᠢᠭᠡ ᠨᠢᠭᠡ ᠪᠠᠷ ᠲᠣᠳᠣᠷᠬᠠᠶᠢᠯᠠᠵᠤ᠂ ᠳᠡᠳ᠋ ᠲᠡᠷᠢᠭᠦᠯᠡᠭᠴᠢ ᠨᠠᠷ ᠬᠠᠷᠢᠭᠤᠴᠠᠯᠭ᠎ᠠ ᠪᠠᠨ | ᠡᠭᠦᠷᠭᠡᠯᠡᠵᠦ᠂ ᠬᠠᠷᠢᠭᠤᠴᠠᠵᠤ ᠪᠠᠶᠢᠭ᠎ᠠ ᠠᠵᠢᠯ ᠢᠶᠠᠨ ᠬᠠᠮᠢᠶᠠᠷᠴᠤ᠂ ᠲᠥᠷᠥ ᠶᠢᠨ ᠪᠣᠳᠣᠯᠭ᠎ᠠ ᠶᠢ ᠪᠣᠳᠠᠲᠠᠢ ᠲᠥᠷᠥᠯ | ᠵᠦᠢᠯ ᠳᠡᠭᠡᠷ᠎ᠡ ᠨᠠᠶᠢᠳᠠᠪᠤᠷᠢᠵᠢᠭᠤᠯᠵᠤ᠂ ᠴᠠᠭ ᠤᠨ ᠳᠠᠷᠠᠭᠠᠯᠠᠯ ᠤᠨ ᠠᠬᠢᠴᠠ ᠶᠣᠰᠣᠭᠠᠷ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠤᠳᠤᠯᠵᠤ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ᠂ ᠪᠠᠷᠢᠯᠭ᠎ᠠ ᠶᠢᠨ ᠪᠤᠰᠤ ᠬᠦᠷᠢᠶᠡᠨ ᠳᠠᠬᠢ ᠴᠠᠯᠢᠩ | ᠥᠷᠢᠲᠦᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠯ᠎ᠡ | ᠵᠦᠢᠯ ᠤᠨ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠠᠷᠢᠯᠭᠠᠬᠤ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠦᠰᠡᠯ ᠱᠠᠭᠠᠷᠳᠠᠯᠭ᠎ᠠ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠴᠠᠯᠢᠩ ᠥᠷᠢᠲᠦᠬᠦ | ᠠᠰᠠᠭᠤᠳᠠᠯ ᠳᠤ ᠴᠢᠩᠭ᠎ᠠ ᠴᠣᠬᠢᠯᠲᠠ ᠥᠭᠴᠦ᠂ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ᠂ | ᠰᠢᠨ᠎ᠡ ᠪᠠᠷ ᠨᠡᠮᠡᠭᠳᠡᠬᠦ ᠶᠢ ᠡᠬᠢ ᠦᠨᠳᠦᠰᠦ ᠠᠴᠠ ᠨᠢ ᠬᠤᠷᠢᠭᠯᠠᠵᠤ᠂ ᠬᠥᠯᠥᠰᠦᠨ ᠮᠠᠯᠴᠢᠨ ᠲᠠᠷᠢᠶᠠᠴᠢᠨ ᠤ ᠬᠠᠤᠯᠢ | ᠶᠣᠰᠣᠨ ᠤ ᠡᠷᠬᠡ ᠠᠰᠢᠭ ᠢ ᠦᠷᠭᠦᠯᠵᠢᠯᠡᠨ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠭᠡᠷ ᠬᠥᠷᠥᠩᠭᠡ ᠶᠢᠨ ᠦᠨᠡᠮᠯᠡᠯ ᠠᠪᠬᠤ ᠳᠤ ᠬᠦᠴᠢᠷᠲᠡᠢ ᠪᠠᠶᠢᠬᠤ ᠠᠰᠠᠭᠤᠳᠠᠯ ᠢ | ᠰᠢᠢᠳᠪᠦᠷᠢᠯᠡᠬᠦ ᠶᠢ ᠰᠤᠳᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠤᠯᠪᠤᠭᠠᠯᠠᠨ ᠬᠥᠳᠡᠯᠦᠯᠴᠡᠵᠦ | ᠬᠠᠮᠵᠢᠯᠴᠠᠬᠤ ᠪᠠᠨ ᠴᠢᠩᠭᠠᠳᠬᠠᠵᠤ᠂ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ᠂ ᠭᠡᠷ ᠪᠠᠶᠢᠰᠢᠩ ᠤᠨ | ᠪᠠᠷᠢᠯᠭ᠎ᠠ ᠳᠠᠭᠤᠰᠴᠤ ᠰᠢᠯᠭᠠᠨ ᠠᠪᠴᠤ ᠳᠡᠶᠢᠯᠭᠦ ᠦᠭᠡᠢ ᠪᠠᠶᠢᠬᠤ᠂ ᠪᠠᠶᠢᠭᠤᠯᠤᠭᠰᠠᠨ ᠠᠵᠤ ᠠᠬᠤᠶᠢᠯᠠᠯ ᠭᠠᠶᠢᠯᠢ | ᠰᠦᠢᠳᠬᠡᠯ ᠲᠤᠰᠢᠶᠠᠬᠤ ᠴᠢᠳᠠᠯ ᠦᠭᠡᠢ᠂ ᠭᠠᠵᠠᠷ ᠰᠢᠷᠣᠢ ᠶᠢᠨ ᠭᠠᠷᠳᠠᠮ ᠢ ᠭᠦᠢᠴᠡᠳᠬᠡᠭᠰᠡᠨ ᠦᠭᠡᠢ ᠵᠡᠷᠭᠡ | ᠪᠠᠶᠢᠳᠠᠯ ᠳᠤ ᠴᠢᠭᠯᠡᠭᠦᠯᠦᠨ᠂ ᠬᠠᠨᠳᠤᠯᠭᠠᠲᠤ ᠴᠢᠨᠠᠷᠲᠠᠢ ᠪᠠᠷ ᠠᠷᠭ᠎ᠠ ᠬᠡᠮᠵᠢᠶ᠎ᠡ ᠠᠪᠴᠤ᠂ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠲᠦᠷᠭᠡᠨ ᠭᠦᠢᠴᠡᠳᠬᠡᠬᠦ ᠬᠡᠷᠡᠭᠲᠡᠢ ᠭᠡᠵᠦ | ᠱᠠᠭᠠᠷᠳᠠᠪᠠ᠃ | ᠬᠤᠷᠠᠯ ᠠᠴᠠ ᠪᠠᠰᠠ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ | ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠡᠢ᠃ |