5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠬᠤᠷᠠᠯ ᠡᠷᠭᠢᠯᠡᠨ ᠬᠤᠷᠠᠯᠳᠤᠭᠤᠯᠵᠤ᠂ ᠬᠡᠰᠡᠭ ᠬᠤᠰᠢᠭᠤ ᠰᠢᠶᠠᠨ ︵ᠬᠤᠳᠠ᠂ ᠲᠣᠭᠤᠷᠢᠭ︶ ᠤ ᠴᠠᠯᠢᠩ | ᠥᠷᠢᠲᠦᠬᠦ ᠶᠢ ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ | ᠠᠵᠢᠯ ᠢ ᠰᠤᠳᠤᠯᠤᠨ ᠪᠠᠶᠢᠷᠢᠯᠠᠭᠤᠯᠪᠠ᠃ | ᠰᠦᠨ ᠱᠤᠤ ᠴᠧᠩ᠂ ᠡᠯ᠎ᠡ ᠱᠠᠲᠤᠨ ᠤ ᠬᠢᠨ ᠴᠠᠯᠢᠩ ᠥᠷᠢᠲᠦᠬᠦ ᠶᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠶᠢ ᠤᠬᠠᠮᠰᠠᠷ ᠠᠴᠠ ᠪᠠᠨ ᠨᠢᠭᠡᠨ ᠲᠦᠢᠯ ᠤᠨ | ᠴᠢᠬᠤᠯᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠠᠳᠬᠤᠵᠤ᠂ ᠴᠢᠩᠭ᠎ᠠ ᠠᠷᠭ᠎ᠠ ᠬᠡᠮᠵᠢᠶ᠎ᠡ ᠠᠪᠴᠤ᠂ | ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠬᠥᠯᠥᠰᠦᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠪᠦᠭᠦ | ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠡᠷᠡᠰ ᠰᠢᠭᠤᠷᠬᠠᠢ ᠪᠠᠷ ᠬᠦᠴᠢᠷ ᠢ ᠲᠤᠭᠤᠯᠤᠨ ᠪᠡᠷᠬᠡ ᠶᠢ | ᠳᠠᠪᠠᠭ᠋ᠤ ᠡᠷᠴᠢ ᠵᠣᠷᠢᠭ ᠢ ᠡᠪᠦᠷᠯᠡᠵᠦ᠂ ᠬᠠᠲᠠᠭᠤ ᠣᠪᠣᠷ ᠢᠶᠠᠨ ᠢᠯᠡᠷᠡᠭᠦᠯᠵᠦ᠂ ᠡᠯ᠎ᠡ ᠲᠦᠷᠦᠯ ᠤᠨ ᠴᠠᠯᠢᠩ | ᠥᠷᠢᠲᠦᠬᠦ ᠠᠰᠠᠭᠤᠳᠠᠯ ᠢ ᠬᠠᠤᠯᠢ ᠶᠣᠰᠣᠭᠠᠷ ᠰᠢᠢᠳᠪᠦᠷᠢᠯᠡᠵᠦ᠂ ᠵᠣᠷᠢᠭᠤᠳᠠ ᠴᠠᠯᠢᠩ ᠥᠷᠢᠲᠦᠬᠦ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠬᠠᠤᠯᠢ ᠬᠡᠷᠡᠭᠵᠢᠭᠦᠯᠦᠯᠲᠡ ᠶᠢᠨ ᠰᠦᠷᠳᠡᠭᠦᠯᠬᠦ ᠬᠦᠴᠦᠨ ᠢ ᠦᠨᠡᠨ ᠬᠦ ᠴᠢᠩᠭᠠᠳᠬᠠᠬᠤ | ᠬᠡᠷᠡᠭᠲᠡᠢ᠃ ᠳᠠᠷᠦ᠋ᠢᠬᠠᠨ ᠳᠠᠭᠢᠨ ᠬᠥᠳᠡᠯᠦᠯᠴᠡᠵᠦ᠂ ᠤᠳᠤ ᠶᠢᠨ ᠠᠵᠢᠯ ᠤᠨ ᠰᠠᠭᠤᠷᠢᠨ ᠳᠡᠭᠡᠷ᠎ᠡ ᠪᠠᠶᠢᠴᠠᠭᠠᠨ | ᠣᠶᠢᠯᠠᠭᠠᠬᠤ ᠶᠢᠨ ᠳᠠᠭᠠᠤ ᠥᠷᠢ ᠰᠢᠷᠢ ᠶᠢ ᠠᠷᠢᠯᠭᠠᠵᠤ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥᠯ ᠬᠤᠪᠢᠶᠠᠨ | ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠵᠤ᠂ ᠤᠷᠢᠳ ᠢᠶᠠᠷ ᠰᠢᠢᠳᠪᠦᠷᠢᠯᠡᠬᠦ ᠳᠡᠰ ᠳᠠᠷᠠᠭᠠᠯᠠᠯ ᠭᠠᠷᠭᠠᠵᠤ ᠥᠷᠢ | ᠰᠢᠷᠢ ᠶᠢ ᠲᠦᠷᠭᠡᠨ ᠠᠷᠢᠯᠭᠠᠵᠤ᠂ ᠤᠷᠢᠳᠴᠢᠯᠠᠨ ᠰᠡᠷᠭᠡᠶᠢᠯᠡᠬᠦ᠂ ᠰᠢᠢᠳᠪᠦᠷᠢᠯᠡᠬᠦ ᠵᠡᠷᠭᠡ ᠲᠣᠭᠲᠠᠴᠠ ᠶᠢ | ᠰᠢᠯᠤᠭᠤᠳᠬᠠᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠬᠥᠯᠥᠰᠦᠨ ᠲᠠᠷᠢᠶᠠᠴᠢᠨ ᠠᠬ᠎ᠠ ᠳᠡᠭᠦᠦ ᠨᠠᠷ ᠲᠤ | ᠠᠪᠤᠨ ᠳᠣᠣᠷ᠎ᠠ ᠪᠠᠨ ᠠᠮᠵᠢᠯᠲᠠ ᠣᠯᠣᠭᠰᠠᠨ ᠦᠷ᠎ᠡ ᠪᠦᠲᠦᠮᠵᠢ ᠶᠢ ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠢ᠃ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ | ᠂ ᠴᠠᠯᠢᠩ ᠥᠷᠢᠲᠦᠬᠦ ᠶᠢ ᠵᠠᠰᠠᠬᠤ ᠠᠵᠢᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠬᠥᠯᠥᠰᠦᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ ᠢ ᠲᠣᠭᠲᠠᠭᠠᠭᠰᠠᠨ ᠢᠶᠠᠷ ᠠᠵᠠ | ᠲᠣᠭᠢᠶᠠᠯ ᠪᠤᠯᠭᠠᠵᠤ᠂ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠶᠢ ᠬᠠᠤᠯᠢ ᠪᠠᠷ ᠵᠠᠰᠠᠬᠤ ᠵᠠᠮ ᠳᠤ ᠤᠯᠠᠮ | ᠨᠢᠭᠡ ᠠᠯᠬᠤᠮ ᠣᠷᠣᠭᠤᠯᠵᠤ᠂ ᠬᠥᠳᠡᠯᠮᠦᠷᠢᠴᠢᠨ ᠠᠵᠤ ᠠᠬᠤᠶᠢᠯᠠᠯ ᠬᠤᠶᠠᠷ ᠲᠠᠯ᠎ᠠ ᠶᠢᠨ ᠬᠠᠤᠯᠢ ᠶᠢ ᠬᠦᠨᠳᠦᠳᠬᠡᠬᠦ | ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ | ᠃ | ᠢᠦᠢ ᠯᠢ ᠰᠢᠨ᠂ ᠴᠢ᠊ ᠪᠠᠲᠤ ᠬᠤᠷᠠᠯ ᠳᠤ ᠣᠷᠣᠯᠴᠠᠵᠠᠢ᠃ |