ᠮᠠᠨ ᠤ ᠣᠷᠣᠨ ᠨᠠᠰᠤᠵᠢᠯ ᠤᠨ ᠠᠰᠠᠷᠠᠮᠵᠢ ᠶᠢᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢ ᠨᠡᠶᠢᠲᠡᠯᠡᠵᠡᠢ
ᠨᠡᠶᠢᠲᠡᠯᠡᠭᠰᠡᠨ ᠴᠠᠭ᠄
2025/5/7
   ᠥᠪᠡᠷᠳᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠨᠠᠰᠤᠳᠠᠶᠢᠴᠤᠳ ᠤᠨ ᠭᠡᠷ ᠪᠦᠯᠢ ᠶᠢᠨ ᠠᠮᠢᠳᠤᠷᠠᠯ ᠤᠨ ᠤᠷᠴᠢᠨ ᠨᠦᠭᠦᠴᠡᠯ ᠢ ᠣᠯᠠᠮ ᠨᠢᠭᠡ ᠠᠯᠬᠤᠮ ᠰᠠᠶᠢᠵᠢᠷᠠᠭᠤᠯᠵᠤ᠂ ᠲᠤᠳᠣᠭᠠᠲᠤ ᠬᠡᠷᠡᠭᠴᠡᠭᠡ ᠶᠢ ᠥᠷᠭᠡᠳᠬᠡᠨ᠂ ᠬᠡᠷᠡᠭᠯᠡᠭᠡ ᠶᠢ ᠲᠠᠶᠢᠴᠢᠯᠠᠬᠤ ᠶᠢᠨ ᠲᠦᠯᠦᠭᠡ᠂ ᠥᠪᠡᠷᠳᠡᠭᠡᠨ ᠵᠠᠰᠠᠬᠤ ᠤᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠤᠲᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠤᠯᠲᠠ ᠪᠠ ᠥᠭᠡᠷᠡᠴᠢᠯᠡᠯᠲᠠ ᠶᠢᠨ ᠵᠥᠪᠯᠡᠯ ᠵᠡᠷᠭᠡ 6 ᠰᠠᠯᠠᠭ᠎ᠠ ᠮᠥᠴᠢᠷ ᠬᠠᠮᠳᠤᠷᠠᠨ ︽2025 ᠣᠨ ᠤ ᠦᠪᠣᠷ ᠮᠣᠩᠭᠤᠯ ᠤᠨ ᠦᠪᠡᠷᠳᠡᠭᠡᠨ ᠵᠠᠰᠠᠬᠤ ᠤᠷᠣᠨ ᠤ ᠭᠡᠷ ᠤᠨ ᠴᠢᠮᠡᠭᠯᠡᠯ ᠲᠤᠭᠤᠭᠠᠨ ᠭᠡᠷ ᠤᠬᠢᠶᠡᠯᠭ᠎ᠠ ᠴᠡᠪᠡᠷᠯᠡᠭᠡ ᠶᠢᠨ ᠡᠳ᠋ᠯᠡᠯ ᠬᠡᠷᠡᠭᠰᠡᠯ ᠢ ︿ᠰᠢᠨᠡᠳᠬᠡᠬᠦ﹀ ᠨᠥᠭᠦᠪᠦᠷᠢ ᠶᠢᠨ ᠬᠡᠷᠡᠭᠵᠢᠭᠦᠯᠬᠦ ᠲᠦᠰᠤᠯ︾ ᠢ ᠳᠡᠷᠤᠮᠡᠯᠯᠡᠨ ᠲᠠᠷᠬᠠᠭᠠᠵᠤ᠂ ᠨᠥᠭᠦᠪᠦᠷᠢ ᠶᠢᠨ ᠪᠠᠷᠢᠮᠵᠢᠶ᠎ᠠ᠂ ᠬᠡᠪᠴᠢᠶ᠎ᠠ ᠵᠢᠴᠢ ᠠᠷᠭ᠎ᠠ ᠮᠠᠶ᠋ᠢᠭ ᠢ ᠲᠣᠳᠣᠷᠬᠠᠶᠢᠯᠠᠨ᠂ ᠨᠠᠰᠤᠳᠠᠶᠢᠴᠤᠳ ᠲᠤ ᠦᠨᠡᠨ ᠪᠤᠳᠡᠲᠡᠶ ᠠᠰᠠᠷᠡᠮᠵᠢ ᠬᠦᠷᠳᠡᠭᠡᠬᠦ ᠪᠠᠷ ᠪᠠᠶᠢᠨ᠎ᠠ᠃    ᠨᠥᠭᠦᠪᠦᠷᠢ ᠣᠯᠭᠤᠬᠤ ᠡᠳᠡᠭᠡᠳ ᠪᠠ ᠪᠠᠷᠢᠮᠵᠢᠶ᠎ᠠ ᠶᠢᠨ ᠲᠠᠯ᠎ᠠ ᠪᠠᠷ᠂ 2025 ᠣᠨ ᠤ ᠲᠥᠷᠥ ᠶᠢᠨ ᠪᠣᠳᠣᠯᠭ᠎ᠠ ᠶᠢᠨ ᠳᠠᠮᠵᠢᠯᠭᠡ ᠦᠵᠡᠭᠦᠯᠬᠦ ᠬᠤᠭᠤᠴᠠᠭᠠᠨ ᠳᠤ ᠦᠪᠣᠷ ᠮᠤᠩᠭᠤᠯ ᠳᠤ ᠪᠠᠶᠢᠩᠭᠤ ᠰᠠᠭᠤᠭ᠎ᠠ ᠪᠦᠭᠡᠳ ᠪᠦᠬᠦᠯᠢ 60 ᠨᠠᠰᠤ ᠵᠢᠴᠢ ᠲᠡᠭᠦᠨ ᠠᠴᠠ ᠲᠡᠭᠡᠭᠰᠢᠬᠢ ᠨᠠᠰᠤᠳᠠᠶᠢᠴᠤᠳ ᠴᠥᠮ ᠲᠣᠰ ᠨᠥᠭᠦᠪᠦᠷᠢ ᠶᠢ ᠬᠦᠷᠳᠡᠵᠤ ᠪᠣᠯᠣᠨ᠎ᠠ᠃ ᠭᠡᠷ ᠪᠦᠯᠢ ᠶᠢᠨ ᠨᠠᠰᠤᠵᠢᠯ ᠤᠨ ᠠᠰᠠᠷᠡᠮᠵᠢ ᠳᠤ ᠲᠣᠬᠢᠷᠠᠬᠤᠶᠢᠴᠠ ᠣᠶᠢᠯᠡᠳᠭᠦᠨ ᠤ ᠪᠤᠳᠡᠲᠠᠢ ᠠᠷᠠᠯᠵᠢᠶᠠᠯᠠᠭᠰᠠᠨ ᠦᠨ᠎ᠡ ᠶᠢᠨ 30% ᠪᠠᠷ ᠨᠥᠭᠦᠪᠦᠷᠢ ᠥᠭᠭᠦᠨ᠎ᠡ᠃    ᠨᠥᠭᠦᠪᠦᠷᠢ ᠥᠭᠬᠦ ᠬᠡᠪᠴᠢᠶ᠎ᠡ ᠶᠢ ᠴᠦ ᠲᠣᠳᠣᠷᠬᠠᠢ ᠵᠠᠭᠠᠭᠯᠠᠨ ᠲᠣᠭᠲᠠᠭᠠᠪᠠ᠃ ᠱᠠᠯᠠ ᠪᠠ ᠡᠭᠦᠳᠡ ᠶᠢ ᠦᠭᠡᠷᠡᠴᠢᠯᠡᠨ ᠵᠠᠰᠠᠬᠤ᠂ ᠣᠨᠳᠠᠯᠭ᠎ᠠ ᠶᠢᠨ ᠦᠷᠦᠭᠡ ᠶᠢ ᠦᠭᠡᠷᠡᠴᠢᠯᠡᠨ ᠵᠠᠰᠠᠬᠤ᠂ ᠤᠬᠢᠶᠡᠯᠭ᠎ᠠ ᠴᠡᠪᠡᠷᠯᠡᠭᠡ ᠶᠢᠨ ᠲᠦᠭᠦᠭᠡᠷᠤᠮᠵᠢ ᠶᠢ ᠦᠭᠡᠷᠡᠴᠢᠯᠡᠨ ᠰᠢᠨᠠᠳᠭᠡᠬᠦ᠂ ᠲᠣᠭᠤᠭᠠᠨ ᠭᠡᠷ ᠤᠨ ᠲᠦᠭᠦᠭᠡᠷᠤᠮᠵᠢ ᠶᠢ ᠦᠭᠡᠷᠡᠴᠢᠯᠡᠨ ᠰᠢᠨᠡᠳᠬᠡᠬᠦ᠂ ᠹᠢᠽᠢᠺ ᠤᠨ ᠣᠷᠴᠢᠨ ᠲᠤᠭᠤᠷᠢᠨ ᠢ ᠦᠭᠡᠷᠡᠴᠢᠯᠡᠨ ᠵᠠᠰᠠᠬᠤ᠂ ᠣᠶᠣᠨᠴᠢ ᠲᠣᠰᠠᠯᠠᠬᠤ ᠦᠢᠯᠡᠳᠭᠦᠨ ᠵᠡᠷᠭᠡ ᠵᠢᠷᠭᠤᠭᠠᠨ ᠶᠡᠭᠡ ᠲᠦᠷᠣᠯ ᠤᠨ 25 ᠵᠦᠢᠯ ᠤᠨ ᠲᠠᠸᠠᠷ ᠢ ᠬᠠᠮᠤᠷᠴᠠᠢ᠃ ᠬᠡᠷᠡᠭᠯᠡᠭᠴᠢᠳ ︽ᠥᠪᠣᠷ ᠮᠤᠩᠭᠤᠯ ᠤᠨ ᠠᠷᠠᠳ ᠤᠨ ᠶᠠᠪᠤᠳᠠᠯ︾ ᠤᠨ ᠵᠢᠷᠬᠢᠶ᠎ᠡ ᠶᠢᠨ ᠤᠯᠠᠨ ᠨᠡᠶᠢᠲᠡ ᠶᠢᠨ ᠲᠠᠪᠴᠠᠩ ᠢᠶᠠᠷ ᠦᠶᠢᠯᠡᠳᠭᠦᠨ ᠤ ᠨᠠᠷᠢᠨ ᠲᠠᠩᠰᠠ ᠶᠢ ᠲᠣᠳᠣᠷᠬᠠᠢ ᠣᠶᠢᠯᠠᠭᠠᠵᠤ ᠪᠣᠯᠣᠨ᠎ᠠ᠃    ᠨᠥᠭᠦᠪᠦᠷᠢ ᠭᠤᠶᠣᠴᠢᠯᠠᠬᠤ ᠶᠠᠪᠤᠴᠡ ᠨᠢ ᠲᠥᠭᠦᠮ ᠲᠦᠳᠡ ᠪᠥᠭᠡᠳ ᠦᠨᠳᠦᠷ ᠪᠦᠲᠦᠮᠵᠢᠲᠡᠢ᠃ ᠬᠡᠷᠡᠭᠯᠡᠭᠴᠢᠳ ᠵᠥᠪᠬᠡᠨ ᠲᠤᠮᠳᠠᠲᠤ ᠣᠯᠤᠰ ᠤᠨ ᠪᠡᠩᠬᠢ ᠶᠢᠨ ᠬᠤᠯᠪᠣᠭ᠎ᠠ ᠶᠢᠨ ︽ᠶᠦᠨ ᠱᠠᠨ ᠹᠦ᠋︾ APP ᠪᠠᠷ ᠲᠠᠮᠵᠢᠨ ︽ᠥᠪᠣᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠭᠡᠷ ᠤᠨ ᠴᠢᠮᠡᠭᠯᠡᠯ ᠲᠣᠭᠤᠭᠠᠨ ᠭᠡᠷ ᠤᠬᠢᠶᠡᠯᠭ᠎ᠠ ᠴᠡᠪᠡᠷᠯᠡᠭᠡ ᠶᠢᠨ ᠬᠡᠷᠡᠭᠰᠡᠯ ᠢᠶᠠᠨ ᠰᠢᠨ᠎ᠡ ᠪᠠᠷ ᠰᠣᠯᠢᠬᠤ︾ ᠦᠢᠯᠠᠴᠢᠯᠡᠭᠡᠨ ᠤ ᠲᠠᠪᠴᠠᠩ ᠳᠤ ᠭᠠᠷᠴᠤ᠂ ︽ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠳᠤ ᠳᠣᠬᠢᠷᠠᠬᠤᠶᠢᠴᠠ ᠦᠭᠡᠷᠠᠴᠢᠯᠠᠨ ᠰᠢᠨᠡᠳᠬᠡᠬᠦ︾ ᠪᠣᠯᠤᠩ ᠳᠤ ᠣᠷᠣᠵᠤ ᠬᠤᠲᠠᠯᠳᠤᠨ ᠠᠪᠬᠤ ᠪᠠᠷ ᠭᠤᠶᠣᠴᠢᠯᠠᠵᠤ᠂ ᠬᠠᠮᠢᠶ᠎ᠠ ᠪᠦᠬᠦᠢ ᠮᠡᠳᠡᠭᠡ ᠵᠠᠩᠬᠢ ᠪᠠ ᠬᠡᠷᠡᠴᠢ ᠮᠠᠲ᠋ᠧᠷᠢᠶᠠᠯ ᠢᠶᠠᠨ ᠲᠣᠰᠢᠶᠠᠨ᠎ᠠ︔ ᠭᠡᠷ ᠬᠦᠷᠤᠩᠬᠡ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠥᠭᠦᠪᠦᠷᠢ ᠬᠦᠷᠳᠡᠬᠦ ᠡᠳᠡᠭᠡᠳ ᠤᠨ ᠬᠢᠷᠢ ᠬᠡᠮ ᠢ ᠬᠢᠨᠠᠨ ᠬᠠᠷᠭᠤᠭᠤᠯᠤᠨ᠎ᠠ᠃ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠳᠤ ᠲᠣᠬᠢᠷᠠᠬᠤᠶᠢᠴᠠ ᠲᠠᠸᠠᠷ ᠢ ᠪᠤᠳᠠᠲᠠᠢ ᠬᠤᠲᠠᠯᠳᠤᠨ ᠠᠪᠬᠤ ᠦᠶ᠎ᠡ ᠳᠤ ᠂ ᠨᠠᠰᠤᠳᠠᠶᠢᠴᠤᠳ ᠨᠦᠭᠦᠪᠦᠷᠢ ᠶᠢᠨ ᠬᠠᠷᠢᠴᠠᠯ ᠶᠣᠰᠣᠭᠠᠷ ᠦᠪᠡᠷ ᠢᠶᠠᠨ ᠲᠦᠯᠤᠬᠦ ᠭᠡᠰᠡᠭ ᠵᠠᠷᠤᠳᠠᠯ ᠢᠶᠠᠨ ᠲᠣᠰᠢᠶᠠᠪᠠᠯ ᠪᠣᠯᠴᠢᠬᠠᠨ᠎ᠠ᠃ ᠣᠷᠤᠯᠴᠠᠬᠤ ᠪᠠᠶᠠᠴᠢ ᠴᠤᠭᠴᠠ ᠶᠢ ᠰᠢᠯᠢᠨ ᠰᠣᠩᠭᠤᠬᠤ ᠲᠠᠯ᠎ᠠ ᠪᠠᠷ᠂ ᠡᠯ᠎ᠡ ᠠᠶᠢᠮᠠᠭ ᠬᠤᠲᠠ ᠪᠣᠭᠤᠮᠲᠠ ᠶᠢ ᠴᠢᠩᠭ᠎ᠠ ᠰᠠᠬᠢᠵᠤ᠂ ᠬᠠᠤᠯᠢ ᠶᠣᠰᠣᠭᠠᠷ ᠪᠦᠷᠢᠳᠬᠡᠭᠦᠯᠦᠨ ᠲᠠᠩᠰᠡᠯᠠᠭᠤᠯᠤᠭᠰᠠᠨ᠂ ᠬᠠᠤᠯᠢ ᠠᠴᠠ ᠵᠦᠷᠢᠴᠡᠭᠰᠡᠨ ᠲᠠᠮᠳᠡᠭᠯᠡᠯ ᠦᠭᠡᠢ᠂ ᠡᠵᠡᠩᠨᠡᠯᠲᠠ ᠨᠢ ᠲᠣᠭᠳᠠᠭᠤᠨ᠂ ᠲᠣᠭᠠᠴᠠᠭ᠎ᠠ ᠬᠢᠬᠦ ᠳ᠋ᠦᠩᠨᠡᠨ ᠪᠤᠳᠤᠯᠲᠠ ᠵᠢᠷᠤᠮᠵᠢᠭᠰᠠᠨ ᠲᠣᠭᠲᠠᠴᠠ ᠶᠢ ᠪᠦᠷᠢᠯᠳᠦᠭᠦᠯᠦᠭᠰᠡᠨ ᠵᠡᠷᠭᠡ ᠪᠠᠷ ᠦᠨᠳᠦᠰᠦᠨ ᠨᠦᠭᠦᠴᠡᠯ ᠪᠣᠯᠭᠠᠨ ᠣᠷᠣᠯᠴᠠᠬᠤ ᠠᠵᠤ ᠠᠬᠤᠶᠢᠯᠡᠯ ᠢ ᠰᠢᠯᠢᠨ ᠰᠣᠩᠭᠤᠨ᠎ᠠ᠃    4 ᠰᠠᠷ᠎ᠠ ᠶᠢᠨ ᠳᠤᠮᠳᠠᠴᠢ ᠪᠣᠯᠳᠠᠯ᠎ᠠ᠂ ᠡᠯ᠎ᠡ ᠭᠠᠵᠠᠷ ᠤᠨ ᠬᠢᠨ ᠨᠢᠭᠡᠨᠳᠡ 87 ᠬᠡᠷᠡᠭᠯᠡᠭᠡᠨ ᠤ ᠵᠦᠢᠯ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠳᠤ ᠳᠣᠬᠢᠷᠠᠬᠤᠶᠢᠴᠠ ᠦᠭᠡᠷᠡᠴᠢᠯᠠᠨ ᠰᠢᠨᠠᠳᠭᠡᠬᠦ ᠲᠦᠷᠤ ᠶᠢᠨ ᠪᠣᠳᠣᠯᠭ᠎ᠠ ᠶᠢᠨ ᠳᠠᠮᠵᠢᠯᠭᠡ ᠦᠵᠡᠭᠦᠯᠬᠦ ᠠᠵᠢᠯᠯᠠᠭ᠎ᠠ ᠳᠤ ᠣᠷᠣᠯᠴᠠᠬᠤ ᠠᠵᠤ ᠠᠬᠤᠶᠢᠯᠠᠯ ᠢᠶᠠᠷ ᠳᠣᠭᠲᠠᠭᠠᠵᠤ᠂ ᠪᠠᠩᠬᠢ ᠶᠢᠨ ᠬᠤᠯᠪᠣᠭ᠎ᠠ ᠶᠢᠨ ᠬᠤᠳᠠᠯᠳᠤᠭᠠᠨ ᠤ ᠶᠠᠪᠤᠳᠠᠯ ᠤᠨ ᠲᠠᠪᠴᠠᠩ ᠳᠤ ᠤᠷᠤᠭᠤᠯᠵᠤ᠂ ᠨᠠᠰᠤᠳᠠᠶᠢᠴᠤᠳ ᠤᠨ ᠯᠠᠪᠯᠠᠯᠲᠠ ᠪᠣᠯᠭᠠᠨ ᠰᠤᠩᠭᠤᠯᠲᠠ ᠬᠢᠬᠦ ᠳᠤ ᠲᠥᠭᠦᠮ ᠦᠵᠡᠭᠦᠯᠵᠤ ᠪᠣᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号