4 ᠰᠠᠷ᠎ᠠ ᠶᠢᠨ 30 ᠤ ᠡᠳᠦᠷ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ | ᠭᠠᠭᠴᠠᠮᠣᠳᠤ ᠬᠢᠯᠢ ᠶᠢᠨ ᠪᠣᠭᠤᠮᠲᠠ ᠶᠢᠨ ᡂᠢ ᠾᠧᠩ ᠬᠢᠨᠠᠯᠲᠠ ᠬᠠᠮᠢᠶᠠᠷᠤᠯᠲᠠ ᠶᠢᠨ ᠲᠣᠭᠤᠷᠢᠭ ᠲᠤ ᠶᠡᠭᠡ ᠰᠠᠯᠬᠢ | ᠭᠠᠷᠪᠠ᠃ ᠡᠨᠡ ᠦᠶ᠎ᠡ ᠳᠤ ᠸᠠᠩ ᠹᠧᠢ ᠶᠠᠷᠢᠯᠴᠠᠭᠤᠷ ᠮᠠᠰᠢᠨ ᠤ ︽ᠨᠡᠭᠦᠷᠡᠰᠦ ᠤᠳᠬᠤᠬᠤ ᠮᠠᠰᠢᠨ ᠤ ᠡᠯᠭᠦᠭᠦᠷ ᠤᠨ | ᠰᠢᠰᠲ᠋ᠧᠮ ᠬᠡᠪ ᠤᠨ ᠪᠠᠶᠢᠳᠠᠯ ᠢᠶᠠᠨ ᠠᠯᠳᠠᠭᠠᠳ ᠬᠡᠯᠪᠡᠯᠵᠡᠵᠦ ᠪᠠᠶᠢᠨ᠎ᠠ︾ ᠭᠡᠰᠡᠨ ᠪᠠᠴᠢᠮ ᠰᠡᠷᠡᠮᠵᠢᠯᠡᠭᠦᠯᠦᠯ ᠢ | ᠰᠣᠨᠣᠰᠤᠭᠠᠳ᠂ ᠦᠳᠲᠡᠷ ᠲᠦᠷᠭᠡᠨ ᠳᠤᠭᠤᠯᠠᠭ᠎ᠠ ᠪᠠᠨ ᠠᠪᠤᠮᠠᠭᠴᠠ᠂ ᠰᠢᠷᠣᠢ ᠶᠢᠨ ᠰᠢᠭᠤᠷᠭᠠᠨ ᠳᠣᠲᠣᠷ᠎ᠠ | ᠭᠦᠶᠦᠵᠦ ᠣᠷᠣᠯ᠎ᠠ᠃ ᠬᠠᠮᠲᠤ ᠠᠵᠢᠯᠲᠠᠨ ᠳᠠᠭᠠᠨ ︽ᠲᠣᠨᠤᠭ ᠲᠥᠬᠦᠭᠡᠷᠦᠮᠵᠢ ᠶᠢᠨ ᠣᠨᠣᠰᠢᠯᠠᠨ ᠡᠮᠨᠡᠭᠴᠢ︾ | ᠬᠡᠮᠡᠭᠳᠡᠭᠰᠡᠨ ᠡᠨᠡ ᠬᠦ ᠮᠡᠷᠭᠡᠵᠢᠯ ᠤᠨ ᠳᠠᠭᠠᠭᠤᠯᠤᠭᠴᠢ ᠲᠤᠬᠠᠢ ᠶᠢᠨ ᠴᠠᠭ ᠮᠥᠴᠡ ᠳᠤ ᠡᠪᠡᠷᠰᠢᠭᠰᠡᠨ ᠬᠤᠶᠠᠷ | ᠭᠠᠷ ᠢᠶᠠᠷ ᠢᠶᠠᠨ ᠲᠤᠨᠤᠭ ᠲᠥᠬᠦᠭᠡᠷᠦᠮᠵᠢ ᠶᠢ ᠲᠡᠮᠲᠡᠷᠢᠵᠦ᠂ ᠬᠡᠪ ᠤᠨ ᠪᠠᠶᠢᠳᠠᠯ ᠢᠶᠠᠨ ᠠᠯᠳᠠᠭᠰᠠᠨ ᠬᠡᠯᠪᠡᠯᠵᠡᠯ ᠤᠨ | ᠰᠢᠯᠲᠠᠭᠠᠨ ᠢ ᠡᠷᠢᠨ᠎ᠡ᠃ ᠡᠨᠡ ᠪᠣᠯ ᠸᠠᠩ ᠹᠧᠢ ᠶᠢᠨ ᠳᠤᠮᠳᠠᠳᠤ ᠮᠣᠩᠭᠤᠯ ᠤᠨ ᠬᠢᠯᠢ ᠶᠢᠨ ᠣᠷᠣᠨ ᠤ ᠡᠨᠧᠷᠭᠢ ᠶᠢᠨ | ᠲᠡᠭᠡᠭᠡᠪᠦᠷᠢ ᠶᠢᠨ ᠱᠤᠭᠤᠮ ᠳᠡᠭᠡᠷᠡᠬᠢ ᠡᠳᠦᠷ ᠳᠣᠳᠣᠮ ᠤᠨ ᠠᠵᠢᠯ ᠪᠢᠯᠡ᠃ | ᠸᠠᠩ ᠹᠧᠢ ᠪᠣᠯ ᠤᠯᠤᠰ ᠤᠨ ᠡᠨᠧᠷᠭᠢ ᠶᠢᠨ ᠺᠤᠮᠫᠠᠨᠢ ᠶᠢᠨ ᠥᠪᠥᠷ ᠮᠣᠩᠭᠤᠯ ᠤᠨ ᠭᠠᠭᠴᠠᠮᠣᠳᠤ ᠣᠯᠠᠨ | ᠤᠯᠤᠰ ᠤᠨ ᠡᠨᠧᠷᠭᠢ ᠶᠢᠨ ᠬᠢᠵᠠᠭᠠᠷᠲᠤ ᠺᠤᠮᠫᠠᠨᠢ ᠶᠢᠨ ᠬᠠᠳᠠᠭᠠᠯᠠᠬᠤ ᠲᠡᠭᠡᠭᠡᠪᠦᠷᠢᠯᠡᠬᠦ ᠲᠠᠰᠤᠭ ᠤᠨ ᠡᠷᠭᠢᠯᠡᠭᠴᠢ ᠶᠤᠮ᠃ | 2012 ᠣᠨ ᠳᠤ᠂ ᠰᠠᠶ᠋ᠢᠬᠠᠨ ᠨᠡᠶᠢᠭᠡᠮ ᠳᠡᠭᠡᠷ᠎ᠡ ᠭᠠᠷᠤᠭᠰᠠᠨ ᠸᠠᠩ ᠹᠧᠢ ᠡᠬᠡ ᠤᠯᠤᠰ ᠤᠨ ᠤᠮᠠᠷᠠᠲᠤ ᠬᠢᠯᠢ ᠳᠤ | ᠦᠢᠯᠡᠰ ᠪᠣᠰᠬᠠᠬᠤ ᠪᠠᠷ ᠰᠢᠢᠳᠴᠦ᠂ ᠤᠷᠠᠳ ᠤᠨ ᠳᠤᠮᠳᠠᠳᠤ ᠬᠤᠰᠢᠭᠤᠨ ᠤ ᠤᠤᠪᠤᠯᠠᠭ ᠤᠨ ᠠᠮᠠ ᠶᠢᠨ ᠨᠡᠭᠦᠷᠡᠰᠦ | ᠤᠬᠢᠶᠠᠬᠤ ᠦᠢᠯᠡᠳᠪᠦᠷᠢ ᠳᠤ ᠠᠵᠢᠯ ᠤᠨ ᠭᠠᠷᠤᠭ᠎ᠠ ᠪᠠᠨ ᠠᠪᠴᠠᠢ᠃ ᠠᠳᠡᠬᠢ ᠨᠥᠬᠦᠴᠡᠯ ᠪᠡᠷᠬᠡ ᠬᠠᠲᠠᠭᠤ ᠪᠤᠯᠪᠠᠴᠤ | ᠲᠡᠷᠡ ᠴᠢᠷᠮᠠᠶᠢᠯᠭ᠎ᠠ ᠪᠣᠯᠣᠨ ᠰᠤᠳᠤᠯᠭᠠᠨ ᠳᠠᠭᠠᠨ ᠲᠦᠰᠢᠭᠯᠡᠨ᠂ ᠠᠵᠢᠯ ᠳᠠᠭᠠᠨ ᠲᠦᠷᠭᠡᠨ ᠵᠣᠬᠢᠴᠠᠵᠤ᠂ ᠤᠳᠠᠯ | ᠦᠭᠡᠢ ᠨᠡᠭᠦᠷᠡᠰᠦ ᠤᠬᠢᠶᠠᠬᠤ ᠦᠢᠯᠡᠳᠪᠦᠷᠢ ᠶᠢᠨ ᠨᠥᠭᠡᠴᠡᠯᠡᠬᠦ ᠲᠠᠰᠤᠭ ᠤᠨ ᠦᠢᠯᠡᠳᠪᠦᠷᠢᠯᠡᠯ ᠤᠨ ᠱᠤᠭᠤᠮ ᠤᠨ | ᠠᠩᠭᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ ᠪᠠᠶᠢᠯ᠎ᠠ᠃ | ᠲᠥᠬᠦᠭᠡᠷᠦᠮᠵᠢ ᠶᠢᠨ ᠴᠢᠳᠠᠮᠵᠢ ᠶᠢ ᠲᠦᠷᠭᠡᠨ ᠣᠶᠢᠯᠠᠭᠠᠬᠤ ᠶᠢᠨ ᠲᠥᠯᠥᠭᠡ᠂ ᠸᠠᠩ ᠹᠧᠢ ᠵᠠᠪ ᠴᠢᠯᠦᠭᠡ ᠶᠢ | ᠠᠯᠳᠠᠯ ᠦᠭᠡᠢ ᠲᠥᠬᠦᠭᠡᠷᠦᠮᠵᠢ ᠶᠢᠨ ᠲᠣᠳᠣᠷᠬᠠᠶᠢᠯᠠᠯᠲᠠ ᠶᠢᠨ ᠪᠢᠴᠢᠭ ᠢ ᠰᠢᠷᠭᠠᠭᠤ ᠬᠠᠲᠠᠭᠤᠵᠢᠯᠲᠠᠢ ᠤᠩᠰᠢᠵᠤ | ᠰᠤᠳᠤᠯᠤᠨ᠂ ᠤᠭᠰᠠᠷᠠᠬᠤ ᠵᠢᠷᠤᠭ ᠢ ᠡᠷᠢᠵᠦ ᠦᠵᠡᠬᠦ ᠶᠢᠨ ᠬᠠᠮᠲᠤ ᠲᠤᠷᠰᠢᠯᠭ᠎ᠠ ᠲᠠᠢ ᠪᠠᠭᠰᠢ ᠠᠴᠠ ᠳᠠᠷᠤᠤ | ᠬᠢᠴᠢᠶᠡᠩᠭᠦᠢ ᠰᠤᠷᠤᠯᠴᠠᠵᠤ᠂ ᠠᠵᠢᠯᠯᠠᠬᠤ ᠶᠢᠨ ᠳᠠᠭᠠᠤ ᠰᠤᠷᠤᠯᠴᠠᠬᠤ ᠶᠢ ᠪᠠᠷᠢᠮᠲᠠᠯᠠᠳᠠᠭ ᠪᠠᠶᠢᠪᠠ᠃ ᠴᠥᠬᠦᠷᠡᠰᠢ | ᠦᠭᠡᠢ ᠴᠢᠷᠮᠠᠶᠢᠯᠭ᠎ᠠ ᠪᠠᠷ ᠳᠠᠮᠵᠢᠨ᠂ ᠲᠡᠷᠡ ᠡᠯ᠎ᠡ ᠵᠦᠢᠯ ᠤᠨ ᠲᠥᠬᠦᠭᠡᠷᠦᠮᠵᠢ ᠶᠢᠨ ᠮᠡᠷᠭᠡᠵᠢᠯ ᠤᠨ ᠪᠣᠯᠵᠣᠯᠲᠤ ᠲᠤᠭ᠎ᠠ | ᠪᠠ ᠠᠵᠢᠯᠯᠠᠭᠠᠨ ᠤ ᠪᠠᠶᠢᠳᠠᠯ ᠢ ᠪᠣᠯᠪᠠᠰᠤᠷᠠᠩᠭᠤᠢ ᠡᠵᠡᠮᠰᠢᠵᠦ᠂ ᠰᠤᠷᠤᠬᠰᠠᠨ ᠮᠡᠳᠡᠯᠭᠡ ᠪᠠᠨ ᠦᠢᠯᠡᠳᠦᠯᠭᠡ ᠶᠢᠨ | ᠳᠤᠮᠳᠠ ᠭᠦᠢᠴᠡᠳ ᠬᠡᠷᠡᠭᠯᠡᠵᠡᠢ᠃ 2020 ᠣᠨ ᠳᠤ ᠲᠡᠷᠡ ᠰᠠᠨᠠᠭᠠᠴᠢᠯᠠᠭ᠎ᠠ ᠠᠴᠠ ᠪᠠᠨ ᠭᠤᠶᠤᠴᠢᠯᠠᠭᠠᠳ | ᠨᠥᠬᠦᠴᠡᠯ ᠨᠢ ᠨᠡᠩ ᠬᠠᠲᠠᠭᠤᠵᠢᠯᠲᠠᠢ᠂ ᠪᠠᠷᠤᠭ ᠵᠢᠯ ᠤᠨ ᠳᠥᠷᠪᠡᠨ ᠤᠯᠠᠷᠢᠯ ᠳᠤ ᠰᠠᠯᠬᠢ ᠰᠢᠭᠤᠷᠭᠠᠨ ᠲᠠᠰᠤᠷᠠᠳᠠᠭ | ᠦᠭᠡᠢ ᠭᠠᠭᠴᠠᠮᠣᠳᠤ ᠬᠢᠯᠢ ᠶᠢᠨ ᠪᠣᠭᠤᠮᠲᠠ ᠳᠤ ᠬᠦᠷᠴᠦ᠂ ᠲᠤᠬᠠᠶᠢᠯᠠᠭᠰᠠᠨ ᠠᠵᠢᠯ ᠤᠨ ᠪᠠᠰᠠ ᠨᠢᠭᠡ ᠰᠢᠨ᠎ᠡ | ᠭᠠᠷᠤᠭ᠎ᠠ ᠪᠠᠨ ᠡᠬᠢᠯᠡᠭᠦᠯᠵᠦ᠂ ᠡᠨᠡ ᠬᠦ ᠬᠢᠯᠢ ᠬᠢᠵᠠᠭᠠᠷ ᠤᠨ ᠵᠢᠵᠢᠭ ᠪᠠᠯᠭᠠᠰᠤ ᠲᠠᠢ ᠭᠦᠨ ᠵᠤᠵᠠᠭᠠᠨ ᠬᠤᠪᠢ | ᠪᠠᠷᠢᠯᠳᠤᠯᠭ᠎ᠠ ᠲᠠᠢ ᠪᠣᠯᠤᠭᠰᠠᠨ ᠪᠠᠶᠢᠨ᠎ᠠ᠃ | ︽ᠪᠢ ᠵᠠᠯᠠᠭᠤ ᠪᠣᠯᠬᠤᠷ ᠴᠠᠭ ᠢ ᠵᠠᠪᠳᠤᠨ ᠴᠢᠷᠮᠠᠶᠢᠵᠤ᠂ ᠪᠣᠳᠠᠲᠠᠢ ᠠᠮᠵᠢᠯᠲᠠ ᠪᠦᠲᠦᠮᠵᠢ ᠭᠠᠷᠭᠠᠶ᠎ᠠ ᠭᠡᠵᠦ | ᠪᠤᠳᠣᠳᠠᠭ︾ ᠭᠡᠵᠦ ᠸᠠᠩ ᠹᠧᠢ ᠡᠪᠡᠷᠰᠢᠭᠰᠡᠨ ᠭᠠᠷ ᠤᠨ ᠠᠯᠠᠭ᠎ᠠ ᠪᠠᠨ ᠱᠦᠷᠭᠦᠭᠡᠭᠰᠡᠭᠡᠷ ᠶᠠᠷᠢᠬᠤ ᠳᠤ ᠪᠣᠷᠣᠭᠵᠢᠭᠤᠨ | ᠠᠲᠠᠯ᠎ᠠ ᠡᠷᠡᠰ ᠰᠢᠢᠳᠮᠡᠭ ᠨᠢ ᠢᠯᠡᠷᠡᠵᠦ ᠪᠠᠶᠢᠯ᠎ᠠ᠃ ︽ᠪᠢ ᠪᠣᠯ ᠲᠠᠷᠢᠶᠠᠴᠢᠨ ᠤ ᠬᠦᠦ᠂ ᠠᠬᠠᠮᠠᠳ | ᠦᠶ᠎ᠡ ᠶᠢᠨ ᠬᠢᠨ ᠤ ᠨᠢᠷᠤᠭᠤ ᠪᠥᠭᠴᠦ᠋ᠢᠨ ᠰᠢᠷᠣᠢ ᠲᠠᠢ ᠨᠣᠴᠣᠯᠳᠤᠬᠤ ᠶᠢ ᠬᠠᠷᠠᠬᠠᠨ ᠪᠠᠭ᠎ᠠ ᠠᠴᠠ ᠪᠠᠨ ᠬᠠᠷᠠᠭᠰᠠᠭᠠᠷ | ᠢᠷᠡᠯ᠎ᠠ᠃ ᠣᠳᠣ ᠪᠢ ᠬᠤᠶᠠᠷ ᠭᠠᠷ ᠢᠶᠠᠷ ᠢᠶᠠᠨ ᠠᠮᠢᠳᠤᠷᠠᠯ ᠢᠶᠠᠨ ᠰᠠᠶᠢᠵᠢᠷᠠᠭᠤᠯᠵᠤ᠂ ᠠᠪᠤ ᠡᠵᠢ᠂ ᠭᠡᠷ ᠤᠨ | ᠬᠥᠮᠥᠰ ᠲᠡᠭᠡᠨ ᠵᠢᠷᠭᠠᠯ ᠡᠳ᠋ᠯᠡᠭᠦᠯᠭᠦ ᠶᠢ ᠬᠦᠰᠡᠵᠦ ᠪᠠᠶᠢᠨ᠎ᠠ︾ ᠭᠡᠵᠦ ᠲᠡᠷᠡ ᠶᠠᠷᠢᠨ᠎ᠠ᠃ | 2022 ᠣᠨ ᠤ 9 ᠰᠠᠷ᠎ᠠ ᠳᠤ᠂ ᠺᠤᠮᠫᠠᠨᠢ ᠨᠢ ︽ᠡᠨᠧᠷᠭᠢ ᠬᠠᠩᠭᠠᠬᠤ ᠶᠢ ᠪᠠᠲᠤᠯᠠᠬᠤ︾ ᠡᠭᠦᠷᠭᠡ ᠶᠢ ᠭᠥᠯᠢᠶᠡᠨ | ᠠᠪᠤᠪᠠ᠃ ᠭᠡᠪᠡᠴᠦ ᠥᠭᠢᠷᠡᠰᠢᠭᠰᠡᠨ ᠨᠡᠭᠦᠷᠡᠰᠦᠨ ᠤ ᠬᠥᠮᠥᠷᠭᠡ ᠶᠢᠨ ᠬᠠᠳᠠᠭᠠᠯᠠᠬᠤ ᠴᠢᠳᠠᠮᠵᠢ ᠨᠢ ᠬᠢᠵᠠᠭᠠᠷ ᠲᠠᠢ | ᠪᠣᠯᠬᠤᠷ ᠬᠠᠩᠭᠠᠬᠤ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠳᠤ ᠬᠦᠴᠢᠷ ᠠᠰᠠᠭᠤᠳᠠᠯ ᠪᠣᠯᠵᠠᠢ᠃ ᠵᠠᠩᠭᠢᠯᠠᠭ᠎ᠠ ᠶᠢᠨ | ᠦᠶ᠎ᠡ ᠳᠤ ᠸᠠᠩ ᠹᠧᠢ ᠵᠣᠷᠢᠭᠲᠠᠢ ᠪᠠᠷ ᠰᠢᠨ᠎ᠡ ᠶᠢ ᠡᠭᠦᠳᠴᠦ᠂ ︽ᠨᠡᠶᠢᠯᠡᠭᠦᠯᠦᠨ ᠣᠪᠣᠭᠠᠯᠠᠵᠤ ᠬᠠᠳᠠᠭᠠᠯᠠᠬᠤ︾ | ᠠᠷᠭ᠎ᠠ ᠶᠢ ᠳᠤᠷᠠᠳᠤᠭᠠᠳ ᠤᠳᠠᠯ ᠦᠭᠡᠢ ᠺᠤᠮᠫᠠᠨᠢ ᠶᠢᠨ ᠢᠶᠠᠨ ᠵᠥᠪᠰᠢᠶᠡᠷᠡᠯ ᠢ ᠣᠯᠪᠠ᠃ ᠲᠡᠭᠦᠨ ᠤ ᠨᠠᠷᠢᠨ ᠨᠢᠮᠪᠠᠢ | ᠵᠣᠬᠢᠶᠠᠨ ᠪᠠᠶᠢᠭᠤᠯᠤᠯᠲᠠ ᠪᠠ ᠵᠣᠬᠢᠴᠠᠭᠤᠯᠭ᠎ᠠ ᠪᠠᠷ ᠲᠤᠰ ᠵᠢᠯ ᠤᠨ 10 ᠰᠠᠷ᠎ᠠ ᠳᠤ ᠨᠡᠶᠢᠲᠡ 53 ᠴᠤᠪᠤᠭ᠎ᠠ ᠭᠠᠯᠲᠤ | ᠲᠡᠷᠭᠡ ᠬᠥᠳᠡᠯᠭᠡᠵᠦ᠂ 21.8 ᠲᠦᠮᠡᠨ ᠲᠤᠨ ᠨᠡᠭᠦᠷᠡᠰᠦ ᠲᠡᠭᠡᠭᠡᠪᠦᠷᠢᠯᠡᠨ᠂ ᠨᠢᠭᠡ ᠡᠳᠦᠷ ᠲᠤ ᠬᠠᠮᠤᠭ ᠤᠨ | ᠠᠷᠪᠢᠨ ᠳᠠᠭᠠᠨ 6 ᠭᠠᠯᠲᠤ ᠲᠡᠷᠭᠡ ᠬᠥᠳᠡᠯᠭᠡᠨ᠂ 2.55 ᠲᠦᠮᠡᠨ ᠲᠤᠨ ᠨᠡᠭᠦᠷᠡᠰᠦ ᠲᠡᠭᠡᠭᠡᠪᠦᠷᠢᠯᠡᠨ ᠬᠦᠷᠭᠡᠵᠦ᠂ | ᠲᠡᠷᠭᠡ ᠢᠷᠡᠮᠡᠭᠴᠡ ᠰᠠᠪᠠᠯᠠᠨ ᠳᠠᠷᠤᠢ ᠲᠦᠷᠭᠡᠨ ᠲᠡᠭᠡᠭᠡᠪᠦᠷᠢᠯᠡᠵᠦ ᠬᠦᠷᠭᠡᠬᠦ ᠬᠠᠷᠠᠯᠲᠠ ᠪᠠᠨ ᠪᠡᠶᠡᠯᠡᠭᠦᠯᠵᠦ᠂ ︽ | ᠡᠨᠧᠷᠭᠢ ᠬᠠᠩᠭᠠᠬᠤ ᠶᠢ ᠪᠠᠲᠤᠯᠠᠬᠤ︾ ᠴᠢᠳᠠᠪᠤᠷᠢ ᠪᠠᠨ ᠪᠠᠲᠤᠯᠠᠭᠰᠠᠨ ᠪᠠᠶᠢᠨ᠎ᠠ᠃ | 2023 ᠣᠨ ᠳᠤ᠂ C80 ᠭᠡᠯᠪᠡᠷᠢ ᠶᠢᠨ ᠵᠠᠳᠠᠭᠠᠢ ᠸᠠᠭᠤᠨ ᠪᠠ ᠴᠢᠩᠭᠡᠯᠢᠭ ᠤᠨ ᠡᠵᠡᠯᠡᠬᠦ ᠬᠠᠷᠢᠴᠠᠯ ᠨᠢ | ᠶᠡᠬᠡᠪᠡᠷ ᠨᠡᠮᠡᠭᠳᠡᠬᠦ ᠶᠢ ᠳᠠᠭᠠᠯᠳᠤᠨ᠂ ᠣᠳᠣ ᠪᠠᠶᠢᠭ᠎ᠠ ᠵᠦᠪᠭᠡᠨ C64 ᠬᠢᠭᠡᠳ C70 ᠭᠡᠯᠪᠡᠷᠢ ᠶᠢᠨ ᠵᠠᠳᠠᠭᠠᠢ | ᠸᠠᠭᠤᠨ ᠳᠤ ᠲᠣᠬᠢᠷᠠᠬᠤ ᠨᠡᠭᠦᠷᠡᠰᠦ ᠰᠠᠪᠠᠯᠠᠬᠤ ᠰᠢᠰᠲ᠋ᠧᠮ ᠨᠢ ᠬᠡᠷᠡᠭᠴᠡᠭᠡ ᠶᠢ ᠬᠠᠩᠭᠠᠵᠤ ᠳᠡᠶᠢᠯᠭᠦ ᠦᠭᠡᠢ | ᠪᠣᠯᠤᠭᠰᠠᠨ ᠠᠴᠠ ᠸᠠᠩ ᠹᠧᠢ ᠰᠥᠨᠢᠵᠢᠨ ᠨᠦᠢᠷ ᠬᠤᠯᠵᠢᠬᠤ ᠪᠣᠯᠵᠠᠢ᠃ ᠲᠡᠭᠡᠭᠡᠳ ᠲᠡᠷᠡ ᠳᠠᠷᠤᠢ ᠲᠦᠷᠭᠡᠨ | ᠲᠤᠰᠬᠠᠢ ᠮᠡᠷᠭᠡᠵᠢᠯ ᠢ ᠥᠭᠡᠷᠡᠴᠢᠯᠡᠬᠦ ︽ᠵᠠᠯᠠᠭᠤᠴᠤᠳ ᠤᠨ ᠭᠠᠪᠰᠢᠭᠠᠢ ᠠᠩᠭᠢ︾ ᠶᠢ ᠵᠣᠬᠢᠶᠠᠨ ᠪᠠᠶᠢᠭᠤᠯᠵᠤ᠂ | ᠲᠡᠷᠢᠭᠦᠨ ᠤ ᠪᠠᠶᠢᠭᠤᠯᠭ᠎ᠠ ᠨᠢᠭᠡᠴᠢ ᠳᠤ ᠬᠦᠷᠴᠦ ᠰᠤᠷᠤᠯᠴᠠᠨ ᠲᠤᠷᠰᠢᠯᠭ᠎ᠠ ᠬᠤᠷᠠᠮᠳᠤᠭᠤᠯᠬᠤ ᠶᠢᠨ ᠬᠠᠮᠲᠤ ᠭᠦᠨᠵᠡᠭᠡᠢ | ᠪᠠᠶᠢᠴᠠᠭᠠᠨ ᠰᠤᠳᠤᠯᠵᠤ᠂ ᠳᠠᠭᠢᠨ ᠳᠠᠪᠲᠠᠨ ᠨᠤᠲᠠᠯᠠᠯᠲᠠ ᠬᠢᠭᠰᠡᠨ ᠪᠠᠶᠢᠨ᠎ᠠ᠃ | ︽ᠪᠢᠳᠡ ᠭᠤᠯᠭᠤᠭᠤᠷ ᠬᠤᠪᠢᠯ ᠢ ᠤᠷᠲᠤᠳᠬᠠᠬᠤ ᠴᠢᠬᠤᠯᠠᠲᠠᠢ ᠪᠥᠭᠡᠳ ᠳᠡᠭᠦᠵᠢᠯᠡᠭᠦᠷ ᠤᠨ ᠴᠢᠬᠢ ᠶᠢ | ᠥᠭᠡᠷᠡᠴᠢᠯᠡᠬᠦ ᠬᠡᠷᠡᠭᠲᠡᠢ᠃ ︿7﹀ ᠭᠡᠯᠪᠡᠷᠢ ᠶᠢᠨ ᠳᠡᠭᠦᠵᠢᠯᠡᠭᠦᠷ ᠤᠨ ᠴᠢᠬᠢ ᠪᠣᠯᠣᠨ ᠳᠡᠪᠢᠭᠦᠷ ᠭᠡᠯᠪᠡᠷᠢ ᠶᠢᠨ | ᠭᠤᠯᠭᠤᠭᠤᠷ ᠬᠤᠪᠢᠯ ᠢ ᠬᠠᠮᠲᠤᠷᠠᠭᠤᠯᠤᠨ ᠡᠨᠡ ᠬᠦ ᠠᠰᠠᠭᠤᠳᠠᠯ ᠢ ᠰᠢᠢᠳᠪᠦᠷᠢᠯᠡᠵᠦ ᠪᠣᠯᠣᠨ᠎ᠠ︾ ᠬᠡᠮᠡᠨ ᠸᠠᠩ ᠹᠧᠢ | ᠵᠢᠷᠤᠭ ᠳᠡᠭᠡᠷ᠎ᠡ ᠵᠠᠩᠭᠢᠯᠠᠭ᠎ᠠ ᠶᠢᠨ ᠬᠡᠰᠡᠭ ᠢ ᠵᠢᠷᠤᠵᠤ ᠭᠠᠷᠭᠠᠪᠠ᠃ | ᠸᠠᠩ ᠹᠧᠢ ᠪᠣᠯᠣᠨ ᠪᠦᠯᠭᠦᠮ ᠤᠨ ᠴᠤᠴᠠᠯᠲᠠ ᠦᠭᠡᠢ ᠴᠢᠷᠮᠠᠶᠢᠯᠭ᠎ᠠ ᠪᠠᠷ᠂ 2024 ᠣᠨ ᠳᠤ ᠤᠤᠯ ᠤᠨ | ᠨᠡᠭᠦᠷᠡᠰᠦ ᠰᠠᠪᠠᠯᠠᠬᠤ ᠰᠢᠰᠲ᠋ᠧᠮ ᠤᠨ ᠪᠣᠭᠤᠮᠢ ᠶᠢ ᠰᠢᠢᠳᠪᠦᠷᠢᠯᠡᠨ᠂ ᠴᠢᠩᠭᠡᠯᠢᠭ ᠪᠣᠯᠣᠨ C80 ᠵᠡᠷᠭᠡ ᠭᠡᠯᠪᠡᠷᠢ ᠶᠢᠨ | ᠵᠠᠳᠠᠭᠠᠢ ᠸᠠᠭᠤᠨ ᠳᠤ ᠨᠡᠭᠦᠷᠡᠰᠦ ᠰᠠᠪᠠᠯᠠᠬᠤ ᠰᠢᠨ᠎ᠡ ᠠᠵᠢᠯ ᠢ ᠠᠮᠵᠢᠯᠲᠠ ᠲᠠᠢ ᠥᠷᠭᠡᠳᠬᠡᠵᠦ᠂ ᠪᠦᠭᠦ ᠲᠡᠷᠭᠡ | ᠬᠥᠰᠬᠡ ᠶᠢ ᠰᠠᠪᠠᠯᠠᠵᠤ ᠪᠤᠯᠬᠤ ᠶᠢ ᠲᠦᠢᠯᠪᠤᠷᠢᠲᠠᠢ ᠪᠡᠶᠡᠯᠡᠭᠦᠯᠪᠡ᠃ ᠡᠨᠡ ᠬᠦ ᠲᠥᠰᠥᠯ ᠢ ᠠᠮᠵᠢᠯᠲᠠ ᠲᠠᠢ | ᠬᠡᠷᠡᠭᠵᠢᠭᠦᠯᠦᠭᠰᠡᠨ ᠨᠢ ᠺᠤᠮᠫᠠᠨᠢ ᠶᠢᠨ ᠨᠡᠭᠦᠷᠡᠰᠦ ᠶᠢ ᠭᠠᠳᠠᠭᠰᠢ ᠲᠠᠲᠠᠬᠤ ᠳᠠᠷᠤᠭᠠᠰᠤ ᠶᠢ ᠪᠦᠲᠦᠮᠵᠢᠲᠡᠢ | ᠬᠥᠩᠭᠡᠷᠡᠭᠦᠯᠵᠦ᠂ ᠭᠠᠯᠲᠤ ᠲᠡᠷᠭᠡᠨ ᠤ ᠠᠴᠢᠶ᠎ᠠ ᠲᠡᠭᠡᠭᠡᠪᠦᠷᠢ ᠶᠢᠨ ᠳᠠᠪᠠᠭᠤᠯᠢᠭ ᠢ ᠭᠦᠢᠴᠡᠳ ᠠᠰᠢᠭᠯᠠᠨ᠂ | ᠨᠡᠭᠦᠷᠡᠰᠦᠨ ᠤ ᠡᠷᠭᠢᠯᠲᠡ ᠶᠢᠨ ᠦᠷ᠎ᠡ ᠪᠦᠲᠦᠮᠵᠢ ᠶᠢ ᠲᠦᠷᠭᠡᠳᠬᠡᠵᠦ᠂ ᠺᠤᠮᠫᠠᠨᠢ ᠳᠠᠭᠠᠨ ᠠᠰᠤᠷᠤ ᠶᠡᠭᠡ ᠠᠵᠤ | ᠠᠬᠤᠢ ᠶᠢᠨ ᠦᠷ᠎ᠡ ᠠᠰᠢᠭ ᠣᠯᠵᠤ ᠥᠭᠭᠦᠭᠰᠡᠨ ᠪᠠᠶᠢᠨ᠎ᠠ᠃ | ᠲᠦᠷᠦᠭᠦᠦ ᠴᠤᠪᠤᠭ᠎ᠠ C80 ᠭᠡᠯᠪᠡᠷᠢ ᠶᠢᠨ ᠵᠠᠳᠠᠭᠠᠢ ᠸᠠᠭᠤᠨ ᠳᠤ ᠨᠡᠭᠦᠷᠡᠰᠦ ᠰᠠᠪᠠᠯᠠᠬᠤ ᠲᠤᠷᠰᠢᠯᠲᠠ | ᠠᠮᠵᠢᠯᠲᠠ ᠣᠯᠬᠤ ᠦᠶᠡᠰ ᠨᠡᠭᠦᠷᠡᠰᠦ ᠶᠢ ᠨᠠᠷᠢᠯᠢᠭ ᠣᠨᠣᠪᠴᠢᠲᠠᠢ ᠸᠠᠭᠤᠨ ᠳᠤ ᠴᠢᠳᠬᠤᠨ ᠣᠷᠣᠭᠤᠯᠬᠤ ᠶᠢ | ᠬᠠᠷᠠᠭᠰᠠᠨ ᠵᠢᠯᠣᠭᠤᠴᠢ ᠨᠠᠷ ᠡᠷᠡᠬᠡᠢ ᠬᠤᠷᠤᠭᠤ ᠪᠠᠨ ᠭᠠᠷᠭᠠᠨ ︽ᠴᠢᠨᠦ ᠡᠨᠡ ᠮᠡᠷᠭᠡᠵᠢᠯ ᠪᠣᠯ ᠲᠠᠴᠢᠷ ᠴᠦᠯ ᠳᠠᠬᠢ | ᠭᠠᠶᠢᠬᠠᠮᠰᠢᠭ ᠳ᠋ᠠ︾ ᠭᠡᠵᠦ ᠮᠠᠭᠲᠠᠵᠠᠭᠠᠵᠤ ᠪᠠᠶᠢᠯ᠎ᠠ᠃ | ᠡᠭᠦᠨ ᠠᠴᠠ ᠭᠠᠳᠠᠨ᠎ᠠ᠂ ᠨᠡᠭᠦᠷᠡᠰᠦ ᠦᠢᠯᠡᠳᠪᠦᠷᠢᠯᠡᠬᠦ ᠪᠠ ᠵᠥᠭᠡᠭᠡᠪᠦᠷᠢᠯᠡᠬᠦ ᠶᠠᠪᠤᠴᠠ ᠳᠤ ᠲᠣᠭᠤᠰᠣ | ᠰᠢᠷᠣᠢ ᠶᠢᠨ ᠪᠣᠬᠢᠷᠳᠤᠯ ᠶᠡᠷᠦ ᠨᠢ ᠲᠦᠪᠡᠭᠲᠡᠢ ᠠᠰᠠᠭᠤᠳᠠᠯ ᠪᠣᠯᠵᠤ ᠪᠠᠶᠢᠪᠠ᠃ 2025 ᠣᠨ ᠳᠤ ᠸᠠᠩ ᠹᠧᠢ | ᠲᠣᠭᠤᠰᠣ ᠰᠡᠷᠭᠡᠶᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢᠨ ᠲᠥᠯᠥᠭᠡ ᠶᠡᠭᠡ ᠬᠡᠮᠵᠢᠶᠡᠨ ᠤ ᠰᠤᠷᠪᠤᠯᠵᠢ | ᠪᠢᠴᠢᠭ ᠤᠨ ᠮᠠᠲ᠋ᠧᠷᠢᠶᠠᠯ ᠢ ᠡᠷᠢᠵᠦ ᠤᠩᠰᠢᠨ᠂ ᠲᠣᠭᠤᠰᠣ ᠰᠡᠷᠭᠡᠶᠢᠯᠡᠬᠦ ᠲᠡᠷᠢᠭᠦᠨ ᠤ ᠮᠡᠷᠭᠡᠵᠢᠯ ᠢ ᠭᠦᠨᠵᠡᠭᠡᠢ | ᠰᠤᠳᠤᠯᠤᠭᠰᠠᠨ ᠰᠠᠭᠤᠷᠢᠨ ᠳᠡᠭᠡᠷ᠎ᠡ᠂ ᠲᠣᠭᠤᠰᠣ ᠰᠡᠷᠭᠡᠶᠢᠯᠡᠬᠦ ᠰᠢᠰᠲ᠋ᠧᠮ ᠢ ᠥᠭᠡᠷᠡᠴᠢᠯᠡᠬᠦ ᠪᠦᠷᠢᠨ ᠲᠥᠰᠥᠯ ᠢ | ᠳᠤᠷᠠᠳᠴᠠᠢ᠃ ᠨᠡᠭᠦᠷᠡᠰᠦ ᠤᠳᠬᠤᠬᠤ ᠮᠠᠰᠢᠨ ᠤ ᠪᠠᠷᠠᠭ᠎ᠠ ᠳᠠᠮᠵᠢᠭᠤᠯᠬᠤ ᠬᠤᠪᠢᠯ ᠢ ᠤᠷᠲᠤᠳᠬᠠᠭᠰᠠᠨ ᠰᠠᠭᠤᠷᠢᠨ | ᠳᠡᠭᠡᠷ᠎ᠡ᠂ ᠳᠣᠲᠣᠷ ᠲᠠᠯ᠎ᠠ ᠶᠢᠨ ᠤᠰᠤ ᠮᠠᠨᠠᠨ ᠢᠶᠠᠷ ᠲᠣᠭᠤᠰᠣ ᠬᠤᠷᠢᠭᠯᠠᠬᠤ ᠲᠥᠬᠦᠭᠡᠷᠦᠮᠵᠢ ᠶᠢ ᠨᠡᠮᠡᠨ | ᠲᠣᠭᠢᠷᠠᠭᠤᠯᠤᠨᠠ ; ᠬᠠᠮᠲᠤ ᠳᠤᠨᠢ ᠠᠷᠠᠰᠤᠨ ᠬᠤᠩᠭᠢᠯ ᠳᠤ ᠲᠣᠭᠤᠰᠣ ᠨᠠᠮᠳᠠᠭᠤᠯᠬᠤ ᠲᠥᠬᠦᠭᠡᠷᠦᠮᠵᠢ ᠨᠡᠮᠡᠵᠦ | ᠲᠣᠬᠢᠷᠠᠭᠤᠯᠤᠨ᠎ᠠ᠃ ᠲᠡᠷᠡ ᠨᠠᠷᠢᠯᠢᠭ ᠲᠣᠬᠢᠷᠠᠭᠤᠯᠤᠨ ᠲᠤᠷᠰᠢᠵᠤ᠂ ᠤᠰᠤᠨ ᠮᠠᠨᠠᠨ ᠤ ᠮᠥᠬᠦᠯᠢᠭ ᠤᠨ ᠳ᠋ᠢᠶᠠᠮᠧᠳ᠋ᠷ ᠢ | 0.01mm ᠠᠴᠠ 0.05m ᠤᠨ ᠬᠤᠭᠤᠷᠣᠨᠳᠤ ᠬᠢᠵᠠᠭᠠᠷᠯᠠᠵᠤ᠂ ᠤᠰᠤᠨ ᠮᠠᠨᠠᠨ ᠤ ᠮᠥᠬᠦᠯᠢᠭ ᠤᠨ ᠳ᠋ᠢᠶᠠᠮᠧᠳ᠋ᠷ ᠢ | ᠡᠵᠡᠮᠳᠡᠬᠦ ᠪᠠᠷ ᠳᠠᠮᠵᠢᠨ᠂ ᠤᠰᠤᠨ ᠮᠠᠨᠠᠨ ᠤ ᠨᠠᠷᠢᠯᠢᠭ ᠤᠨ ᠬᠡᠮᠵᠢᠶ᠎ᠡ ᠪᠣᠯᠣᠨ ᠣᠷᠣᠨ ᠵᠠᠢ ᠶᠢᠨ ᠪᠦᠷᠬᠦᠴᠡ ᠶᠢᠨ | ᠬᠡᠪᠴᠢᠶ᠎ᠡ ᠶᠢ ᠰᠢᠯᠢᠳᠡᠭᠵᠢᠭᠦᠯᠵᠦ᠂ ᠳ᠋ᠢᠶᠠᠮᠧᠳ᠋ᠷ ᠨᠢ 10 ᠮᠢᠺᠷᠦᠨ ᠠᠴᠠ ᠳᠣᠷᠣᠭᠰᠢᠬᠢ ᠨᠡᠭᠦᠷᠡᠰᠦᠨ ᠲᠣᠭᠤᠰᠣ ᠶᠢ | ᠨᠡᠩ ᠢᠯᠡᠭᠦᠦ ᠰᠣᠷᠣᠬᠤ ᠬᠦᠴᠦᠨ ᠲᠠᠢ ᠪᠣᠯᠭᠠᠵᠠᠢ᠃ | ︽ᠲᠣᠭᠤᠰᠣ ᠰᠡᠷᠭᠡᠶᠢᠯᠡᠬᠦ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠶᠢᠨ ᠲᠥᠯᠥᠭᠡ᠂ ᠲᠡᠷᠡ | ᠬᠠᠶᠠᠭᠳᠠᠮᠠᠯ ᠪᠣᠷᠣᠭᠠᠨ ᠰᠡᠷᠭᠡᠶᠢᠯᠡᠬᠦ ᠪᠥᠰ ᠢ ᠣᠯᠵᠤ ᠠᠪᠴᠢᠷᠠᠭᠠᠳ ᠬᠠᠯᠬᠠᠪᠴᠢ ᠪᠣᠯᠭᠠᠨ ᠬᠠᠶᠢᠴᠢᠯᠠᠨ ᠵᠠᠰᠠᠵᠤ᠂ | ᠪᠠᠷᠠᠭ᠎ᠠ ᠳᠠᠮᠵᠢᠭᠤᠯᠬᠤ ᠬᠤᠪᠢᠯ ᠤᠨ ᠲᠤᠯᠭᠠᠭᠤᠷᠢ ᠶᠢᠨ ᠬᠤᠶᠠᠷ ᠲᠠᠯ᠎ᠠ ᠳᠤ ᠤᠭᠰᠠᠷᠠᠬᠤ ᠶᠢᠨ ᠬᠠᠮᠲᠤ᠂ ᠵᠠᠪᠰᠠᠷ | ᠵᠠᠢ ᠪᠠᠷ ᠨᠢ ᠪᠦᠬᠦᠯᠢ ᠴᠣᠭᠴᠠ ᠪᠠᠷ ᠨᠢ ᠪᠢᠲᠡᠭᠦᠮᠵᠢᠯᠡᠬᠦ ᠠᠷᠭ᠎ᠠ ᠬᠢᠪᠡ᠃ ᠡᠨᠡ ᠨᠢ ᠨᠡᠭᠦᠷᠡᠰᠦ ᠳᠠᠮᠵᠢᠭᠤᠯᠬᠤ ᠦᠶᠡᠰ | ᠲᠣᠭᠤᠰᠣᠨ ᠤ ᠲᠠᠷᠬᠠᠯᠲᠠ ᠪᠠ ᠳᠡᠭᠳᠡᠬᠦ ᠬᠡᠮᠵᠢᠶ᠎ᠡ ᠶᠢ ᠮᠡᠳᠡᠭᠳᠡᠮ᠎ᠡ ᠪᠠᠭᠠᠰᠬᠠᠵᠠᠢ︾ ᠭᠡᠵᠦ ᠬᠠᠳᠠᠭᠠᠯᠠᠬᠤ | ᠵᠥᠭᠡᠭᠡᠪᠦᠷᠢᠯᠡᠬᠦ ᠲᠠᠰᠤᠭ ᠤᠨ ᠲᠦᠷᠭᠡᠨ ᠰᠠᠪᠠᠯᠠᠬᠤ ᠠᠩᠭᠢ ᠶᠢᠨ ᠳᠠᠷᠤᠭ᠎ᠠ ᠮᠠ ᠷᠦ᠋ ᠹᠧᠢ ᠡᠷᠭᠢᠴᠡᠭᠦᠯᠦᠨ᠎ᠡ᠂ ︽ | ᠲᠡᠷᠡ ᠬᠡᠵᠢᠶᠡᠳᠡ ᠨᠢᠭᠡ ᠯᠡ ᠰᠡᠳᠬᠢᠯ ᠢᠶᠠᠷ ᠮᠡᠷᠭᠡᠵᠢᠯ ᠤᠨ ᠪᠣᠭᠤᠮᠲᠠ ᠰᠢᠪᠲᠤᠯᠬᠤ ᠳᠤ ᠰᠢᠭᠤᠷᠬᠠᠶᠢᠯᠠᠳᠠᠭ᠂ ᠬᠦᠴᠢᠷ | ᠠᠰᠠᠭᠤᠳᠠᠯ ᠲᠤᠯᠭᠠᠷᠠᠬᠤ ᠦᠶ᠎ᠡ ᠳᠤ ᠪᠤᠰᠤᠳ ᠬᠥᠮᠥᠨ ᠠᠷᠭ᠎ᠠ ᠣᠯᠳᠠᠬᠤ ᠦᠭᠡᠢ ᠪᠠᠴᠢᠮᠳᠠᠵᠤ ᠪᠠᠶᠢᠬᠤ ᠳᠤ ᠲᠡᠷᠡ | ᠨᠢᠭᠡᠨᠲᠡ ᠰᠢᠢᠳᠪᠦᠷᠢᠯᠡᠬᠦ ᠲᠥᠰᠥᠯ ᠢᠶᠠᠨ ᠭᠠᠷᠭᠠᠭᠠᠳ ᠤᠯᠠᠨ ᠢ ᠳᠠᠭᠠᠭᠤᠯᠵᠤ ᠰᠢᠪᠲᠤᠯᠵᠤ ᠡᠬᠢᠯᠡᠭᠰᠡᠨ ᠪᠠᠶᠢᠳᠠᠭ ᠠ᠋︾ | ᠭᠡᠵᠦ ᠪᠠᠶᠢᠯ᠎ᠠ᠃ | 2025 ᠣᠨ ᠤ 4 ᠰᠠᠷ᠎ᠠ ᠶᠢᠨ 28 ᠤ ᠡᠳᠦᠷ᠂ ᠸᠠᠩ ᠹᠧᠢ ︽ᠪᠦᠭᠦ ᠤᠯᠤᠰ ᠤᠨ ᠭᠦᠳᠡᠯᠮᠦᠷᠢ ᠶᠢᠨ | ᠵᠢᠱᠢᠶᠡᠴᠢ︾ ᠶᠢᠨ ᠱᠠᠩᠨᠠᠯ ᠤᠨ ᠮᠧᠳᠠᠯ ᠢ ᠲᠤᠰᠴᠤ ᠠᠪᠬᠤ ᠳᠠᠭᠠᠨ ᠳᠣᠭᠳᠣᠯᠬᠤ ᠶᠢᠨ ᠡᠷᠬᠡᠨ ᠳᠤ ᠬᠤᠶᠠᠷ ᠭᠠᠷ ᠨᠢ | ᠦᠯᠦ ᠮᠡᠳᠡᠭᠳᠡᠮ᠎ᠡ ᠴᠡᠴᠡᠷᠬᠢᠯᠡᠵᠦ ᠪᠠᠶᠢᠪᠠ᠃ 400 ᠲᠤᠨ ᠨᠡᠭᠦᠷᠡᠰᠦ ᠡᠷᠭᠦᠬᠦ ᠮᠠᠰᠢᠨ ᠢ ᠠᠶᠤᠯᠭᠦᠢ ᠠᠵᠢᠯᠯᠠᠭᠤᠯᠵᠤ | ᠪᠠᠶᠢᠭᠰᠠᠨ ᠬᠤᠣᠰ ᠭᠠᠷ ᠡᠳᠦᠭᠡ ᠬᠠᠷᠢᠨ ᠱᠠᠩᠨᠠᠯ ᠤᠨ ᠮᠧᠳᠠᠯ ᠲᠤᠰᠬᠤ ᠳᠤ ᠨᠠᠷᠢᠯᠢᠭ ᠪᠠᠭᠠᠵᠢ ᠬᠡᠮᠵᠢᠭᠦᠷᠯᠢᠭ ᠢ | ᠠᠩᠬ᠎ᠠ ᠤᠳᠠᠭ᠎ᠠ ᠭᠦᠨᠳᠡᠵᠦ ᠪᠠᠶᠢᠭ᠎ᠠ ᠮᠡᠲᠦ ᠬᠢᠴᠢᠶᠡᠵᠦ ᠪᠠᠶᠢᠯ᠎ᠠ᠃ | ︽ᠡᠨᠡ ᠪᠣᠯ ᠢᠷᠠᠭᠤ ᠠᠯᠳᠠᠷ ᠲᠡᠳᠦᠢ ᠦᠭᠡᠢ᠂ ᠨᠡᠩ ᠮᠢᠨᠤ ᠦᠷᠭᠦᠯᠵᠢᠯᠡᠨ ᠴᠢᠷᠮᠠᠶᠢᠨ ᠲᠡᠮᠡᠴᠡᠬᠦ ᠶᠢ | ᠱᠠᠯᠠᠪᠳᠠᠭᠤᠯᠬᠤ ᠬᠥᠳᠡᠯᠭᠡᠬᠦ ᠬᠦᠴᠦᠨ ᠪᠣᠯᠣᠨ᠎ᠠ᠃ ᠬᠤᠶᠢᠰᠢᠳᠠ ᠪᠢ ᠲᠤᠷᠰᠢᠯᠭ᠎ᠠ ᠪᠠᠨ ᠨᠡᠩ ᠣᠯᠠᠨ ᠬᠥᠮᠥᠰ ᠲᠠᠢ | ᠬᠤᠪᠢᠶᠠᠯᠴᠠᠵᠤ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠨᠡᠩ ᠥᠷᠭᠡᠨ ᠳᠠᠮᠵᠢᠭᠤᠯᠤᠨ᠂ ᠨᠡᠩ | ᠣᠯᠠᠨ ᠬᠥᠮᠥᠰ ᠤᠨ ᠡᠭᠡᠯ ᠵᠢᠷ ᠤᠨ ᠠᠵᠢᠯ ᠤᠨ ᠪᠠᠶᠢᠷᠢᠨ ᠳᠡᠭᠡᠷ᠎ᠡ ᠶᠡᠷᠦ ᠪᠤᠰᠤ ᠶᠢᠨ ᠠᠮᠵᠢᠯᠲᠠ ᠪᠦᠲᠦᠮᠵᠢ | ᠭᠠᠷᠭᠠᠬᠤ ᠶᠢ ᠵᠣᠷᠢᠭᠵᠢᠭᠤᠯᠤᠨ᠎ᠠ︾ ᠭᠡᠵᠦ ᠸᠠᠩ ᠹᠧᠢ ᠰᠡᠳᠬᠢᠯ ᠳᠣᠭᠳᠣᠯᠤᠨ ᠢᠯᠡᠳᠬᠡᠭᠰᠡᠨ ᠪᠠᠶᠢᠨ᠎ᠠ᠃ | |