4 ᠰᠠᠷ᠎ᠠ ᠶᠢᠨ 28 ᠤ ᠥᠷᠯᠥᠭᠡ ᠶᠢᠨ 8 ᠴᠠᠭ ᠭᠠᠷᠤᠢ ᠳᠤ᠂ ᠵᠢᠶᠣᠣ ᠰᠢᠩ ᠯᠢ ᠺᠤᠮᠫᠠᠨᠢ ᠶᠢᠨ ᠢᠶᠠᠨ | ᠬᠤᠷᠠᠯ ᠤᠨ ᠭᠡᠷ ᠲᠤ ᠬᠦᠷᠴᠦ᠂ ᠬᠤᠭᠤᠯᠠᠢ ᠱᠤᠭᠤᠮ ᠤᠨ ᠲᠠᠷᠬᠠᠯᠲᠠ ᠶᠢᠨ ᠵᠢᠷᠤᠭ ᠢ ᠬᠠᠷᠠᠵᠤ᠂ ᠬᠠᠮᠲᠤ | ᠠᠵᠢᠯᠯᠠᠭᠰᠠᠳ ᠲᠠᠭᠠᠨ ᠨᠢᠭᠡ ᠭᠠᠷᠠᠭ ᠤᠨ ᠲᠣᠭᠤᠷᠢᠨ ᠪᠠᠶᠢᠴᠠᠭᠠᠬᠤ ᠠᠵᠢᠯ ᠢ ᠪᠠᠶᠢᠷᠢᠯᠠᠭᠤᠯᠪᠠ᠃ ᠠᠵᠢᠯ ᠢᠶᠠᠨ | ᠪᠠᠶᠢᠷᠢᠯᠠᠭᠤᠯᠵᠤ ᠪᠠᠷᠠᠭᠰᠠᠨ ᠤ ᠳᠠᠷᠠᠭ᠎ᠠ᠂ ᠲᠡᠷᠡ ᠰᠡᠯᠪᠢᠨ ᠵᠠᠰᠠᠬᠤ ᠪᠠᠭᠠᠵᠢ ᠬᠡᠷᠡᠭᠰᠡᠯ ᠤᠨ ᠬᠠᠶᠢᠷᠴᠠᠭ ᠢᠶᠠᠨ ᠠᠪᠴᠤ᠂ | ᠬᠠᠮᠲᠤ ᠠᠵᠢᠯᠯᠠᠭᠰᠠᠳ ᠲᠠᠢ ᠪᠠᠨ ᠳᠤᠭᠤᠶᠢᠯᠠᠩ ᠬᠤᠪᠢᠶᠠᠨ ᠥᠪᠡᠷ ᠥᠪᠡᠷ ᠤᠨ ᠬᠠᠷᠢᠭᠤᠴᠠᠵᠤ ᠪᠠᠶᠢᠭ᠎ᠠ ᠤᠰᠤ | ᠬᠠᠩᠭᠠᠬᠤ ᠬᠤᠭᠤᠯᠠᠢ ᠲᠣᠣᠷ ᠤᠨ ᠣᠷᠣᠨ ᠪᠦᠰᠡ ᠳᠤ ᠬᠦᠷᠴᠦ᠂ ᠨᠢᠭᠡ ᠡᠳᠦᠷ ᠤᠨ ᠲᠣᠭᠤᠷᠢᠨ ᠪᠠᠶᠢᠴᠠᠭᠠᠵᠤ | ᠰᠡᠯᠪᠢᠨ ᠵᠠᠰᠠᠬᠤ ᠠᠵᠢᠯ ᠢᠶᠠᠨ ᠡᠬᠢᠯᠡᠭᠦᠯᠪᠡ᠃ | ︽ᠣᠶᠢᠷ᠎ᠠ ᠳᠤ ᠤᠰᠤ ᠬᠠᠩᠭᠠᠬᠤ ᠣᠷᠭᠢᠯ ᠬᠤᠭᠤᠴᠠᠭᠠᠨ ᠳᠤ ᠣᠷᠣᠵᠤ᠂ ᠮᠠᠨ ᠤ ᠬᠠᠷᠢᠭᠤᠴᠠᠵᠤ ᠪᠠᠶᠢᠭ᠎ᠠ | ᠣᠷᠣᠨ ᠪᠦᠰᠡ ᠶᠢᠨ ᠣᠷᠴᠢᠨ ᠨᠥᠬᠦᠴᠡᠯ ᠮᠠᠰᠢ ᠪᠠᠷᠤᠭᠲᠠᠢ᠂ ᠠᠰᠠᠭᠤᠳᠠᠯ ᠪᠤᠳᠤᠯᠢᠶᠠᠨᠲᠠᠢ ᠪᠠᠶᠢᠵᠤ᠂ ᠡᠷᠬᠡᠪᠰᠢ | ᠲᠣᠭᠤᠷᠢᠨ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠲᠤᠷ ᠬᠢᠪᠡᠯ ᠰᠠᠶ᠋ᠢ ᠡᠯ᠎ᠡ ᠨᠢᠭᠡᠴᠢ᠂ ᠠᠵᠤ ᠠᠬᠤᠶᠢᠯᠠᠯ ᠪᠣᠯᠣᠨ | ᠰᠠᠭᠤᠭᠠᠯᠢ ᠠᠷᠠᠳ ᠤᠨ ᠤᠰᠤ ᠬᠠᠩᠭᠠᠬᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ | ᠴᠢᠳᠠᠨ᠎ᠠ︾ ᠭᠡᠵᠦ ᠵᠢᠶᠣᠣ ᠰᠢᠩ ᠯᠢ ᠳᠠᠮᠵᠢᠭᠤᠯᠬᠤ ᠬᠤᠭᠤᠯᠠᠢ ᠶᠢᠨ ᠨᠠᠷᠢᠨ ᠵᠦᠢᠯᠡᠰ ᠢ ᠲᠣᠭᠤᠷᠢᠨ | ᠪᠠᠶᠢᠴᠠᠭᠠᠬᠤ ᠶᠢᠨ ᠳᠠᠭᠠᠤ ᠰᠤᠷᠪᠤᠯᠵᠢᠯᠠᠬᠴᠢ ᠳᠤ ᠬᠡᠯᠡᠪᠡ᠃ | ᠵᠢᠶᠣᠣ ᠰᠢᠩ ᠯᠢ ᠪᠣᠯ ᠠᠯᠠᠱᠠ ᠠᠶᠢᠮᠠᠭ ᠤᠨ ᠱᠧᠩ ᠱᠢ ᠤᠰᠤᠨ ᠤ ᠶᠠᠪᠤᠳᠠᠯ ᠤᠨ ᠬᠤᠪᠢᠴᠠᠭᠠᠳᠤ ᠬᠢᠵᠠᠭᠠᠷᠲᠤ | ᠺᠤᠮᠫᠠᠨᠢ ᠶᠢᠨ ᠦᠢᠯᠡᠳᠪᠦᠷᠢᠯᠡᠯ ᠤᠨ ᠮᠡᠷᠭᠡᠵᠢᠯ ᠤᠨ ᠬᠡᠯᠲᠡᠰ ᠤᠨ ᠳᠡᠳ᠋ ᠳᠠᠷᠤᠭ᠎ᠠ ᠪᠣᠯᠣᠨ᠎ᠠ᠃ 16 ᠵᠢᠯ ᠤᠨ ᠲᠤᠷᠰᠢ᠂ | ᠲᠡᠷᠡ ᠠᠯᠠᠱᠠ ᠠᠶᠢᠮᠠᠭ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠤᠰᠤ ᠬᠠᠩᠭᠠᠬᠤ | ᠡᠮᠦᠨ᠎ᠡ ᠹᠷᠣᠨᠲ ᠲᠤ ᠦᠨᠳᠦᠰᠦᠯᠡᠵᠦ᠂ ᠬᠦᠷᠢᠶᠡᠯᠡᠩ ᠲᠣᠭᠤᠷᠢᠭ ᠤᠨ ᠤᠰᠤᠨ ᠬᠤᠭᠤᠯᠠᠢ ᠶᠢ ᠪᠦᠷ ᠲᠣᠭᠤᠷᠢᠨ | ᠪᠠᠶᠢᠴᠠᠭᠠᠵᠤ ᠥᠩᠭᠡᠷᠡᠵᠦ᠂ ᠬᠦᠴᠦ ᠬᠥᠯᠥᠰᠦ ᠪᠠᠷ ᠢᠶᠠᠨ ᠲᠦᠭ ᠲᠦᠮᠡᠨ ᠠᠶᠢᠯ ᠡᠷᠦᠭᠡ ᠶᠢᠨ ᠤᠰᠤ ᠬᠡᠷᠡᠭᠯᠡᠬᠦ | ᠠᠮᠤᠷ ᠲᠦᠪᠰᠢᠨ ᠢ ᠰᠠᠬᠢᠨ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠰᠤᠨ ᠤ | ᠶᠠᠪᠤᠳᠠᠯ ᠤᠨ ᠠᠵᠢᠯᠲᠠᠨ ᠤ ᠬᠠᠷᠢᠭᠤᠴᠠᠯᠭ᠎ᠠ ᠪᠠ ᠡᠭᠦᠷᠭᠡᠯᠡᠯ ᠢ ᠡᠭᠦᠷᠭᠡᠯᠡᠵᠦ᠂ ᠬᠠᠮᠲᠤ ᠠᠵᠢᠯᠯᠠᠭᠰᠠᠳ ᠨᠢ ᠲᠡᠭᠦᠨ ᠢ | ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠹᠷᠣᠨᠲ ᠤᠨ ︽ᠡᠷᠭᠢ ᠱᠤᠷᠠᠭ︾ ᠬᠡᠮᠡᠨ ᠳᠣᠲᠣᠨᠣᠴᠢᠯᠠᠨ | ᠳᠠᠭᠤᠳᠠᠳᠠᠭ ᠪᠣᠯᠵᠠᠢ᠃ | 2009 ᠣᠨ ᠳᠤ᠂ ᠵᠢᠶᠣᠣ ᠰᠢᠩ ᠯᠢ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ᠂ ᠠᠯᠠᠱᠠ | ᠠᠶᠢᠮᠠᠭ ᠤᠨ ᠱᠧᠩ ᠱᠢ ᠤᠰᠤᠨ ᠤ ᠶᠠᠪᠤᠳᠠᠯ ᠤᠨ ᠬᠢᠵᠠᠭᠠᠷᠲᠤ ᠺᠤᠮᠫᠠᠨᠢ ᠳᠤ ᠪᠠᠶᠢᠴᠠᠭᠠᠨ ᠵᠠᠰᠠᠬᠤ ᠠᠵᠢᠯᠴᠢᠨ ᠪᠣᠯᠪᠠ | ᠃ ᠲᠡᠷᠡ ᠰᠠᠶ᠋ᠢᠬᠠᠨ ᠠᠵᠢᠯ ᠳᠤ ᠣᠷᠣᠵᠤ᠂ ᠲᠤᠬᠠᠶᠢᠯᠠᠭᠰᠠᠨ ᠠᠵᠢᠯ ᠢᠶᠠᠨ ᠳᠠᠷᠤᠢ ᠲᠦᠷᠭᠡᠨ ᠪᠣᠯᠪᠠᠰᠤᠷᠠᠩᠭᠤᠢ | ᠡᠵᠡᠮᠰᠢᠬᠦ ᠶᠢᠨ ᠲᠥᠯᠥᠭᠡ᠂ ᠨᠢᠭᠡ ᠲᠠᠯ᠎ᠠ ᠪᠠᠷ ᠲᠤᠰᠬᠠᠢ ᠮᠡᠷᠭᠡᠵᠢᠯ ᠤᠨ ᠨᠣᠮ ᠪᠢᠴᠢᠭ ᠢ ᠰᠢᠮᠳᠠᠨ ᠤᠩᠰᠢᠵᠤ᠂ | ᠨᠦᠭᠦᠭᠡ ᠲᠠᠯ᠎ᠠ ᠪᠠᠷ ᠠᠬᠠᠮᠠᠳ ᠪᠠᠭᠰᠢ ᠨᠠᠷ ᠠᠴᠠ ᠰᠤᠷᠤᠯᠴᠠᠵᠤ᠂ ᠤᠳᠠᠭ᠎ᠠ ᠪᠦᠷᠢ ᠶᠢᠨ ᠲᠤᠨᠤᠭ ᠲᠥᠬᠦᠭᠡᠷᠦᠮᠵᠢ ᠶᠢ | ᠰᠡᠯᠪᠢᠨ ᠵᠠᠰᠠᠬᠤ᠂ ᠤᠳᠠᠭ᠎ᠠ ᠪᠦᠷᠢ ᠶᠢᠨ ᠬᠠᠷᠰᠢ ᠰᠠᠭᠠᠳ ᠢ ᠠᠷᠢᠯᠭᠠᠬᠤ ᠨᠢ ᠴᠥᠮ ᠲᠡᠭᠦᠨ ᠤ ᠰᠤᠷᠤᠯᠴᠠᠬᠤ | ᠲᠣᠭᠢᠶᠠᠯ ᠪᠣᠯᠤᠭᠰᠠᠨ ᠪᠠᠶᠢᠪᠠ︔ ᠠᠮᠠᠷᠠᠬᠤ ᠴᠠᠭ ᠲᠠᠭᠠᠨ ᠴᠦ ᠲᠡᠷᠡ ᠠᠬᠠᠮᠠᠳ ᠪᠠᠭᠰᠢ ᠶᠢᠨ ᠢᠶᠠᠨ ᠳᠡᠷᠭᠡᠳᠡ ᠣᠴᠢᠨ | ᠳᠠᠷᠤᠤ ᠬᠢᠴᠢᠶᠡᠩᠭᠦᠢ ᠪᠠᠷ ᠠᠰᠠᠭᠤᠨ ᠯᠠᠪᠯᠠᠵᠤ᠂ ᠠᠬᠠᠮᠠᠳ ᠪᠠᠭᠰᠢ ᠨᠠᠷ ᠤᠨ ᠲᠠᠶᠢᠯᠪᠤᠷᠢᠯᠠᠭᠰᠠᠨ ᠪᠠᠶᠢᠴᠠᠭᠠᠨ | ᠵᠠᠰᠠᠬᠤ ᠶᠢᠨ ᠭᠤᠣᠯᠳᠠᠯᠭ᠎ᠠ ᠪᠠ ᠠᠷᠭ᠎ᠠ ᠤᠬᠠᠭᠠᠨ ᠢ ᠨᠠᠷᠢᠨ ᠬᠢᠨᠠᠮᠠᠭᠠᠢ ᠴᠡᠭᠡᠵᠢᠯᠡᠪᠡ᠃ ᠤᠴᠢᠷ ᠶᠠᠪᠤᠳᠠᠯ ᠬᠢᠬᠦ ᠳᠡᠭᠡᠨ | ᠦᠨᠡᠨ ᠬᠦ ᠬᠦᠴᠦ ᠣᠷᠣᠭᠤᠯᠵᠤ᠂ ᠴᠥᠬᠦᠷᠡᠰᠢ ᠦᠭᠡᠢ ᠰᠤᠷᠤᠯᠴᠠᠨ ᠰᠤᠳᠤᠯᠬᠤ ᠪᠠᠷ ᠳᠡᠮᠵᠢᠨ᠂ ᠵᠢᠶᠣᠣ ᠰᠢᠩ ᠯᠢ | ᠮᠠᠰᠢ ᠲᠦᠷᠭᠡᠨ ᠢᠶᠠᠷ ᠤᠰᠤ ᠬᠠᠩᠭᠠᠯᠲᠠ ᠶᠢᠨ ᠪᠠᠶᠢᠴᠠᠭᠠᠨ ᠰᠡᠯᠪᠢᠬᠦ ︽ᠮᠡᠷᠭᠡᠵᠢᠯᠲᠡᠨ︾ ᠪᠣᠯᠤᠭᠰᠠᠨ ᠪᠠᠶᠢᠨ᠎ᠠ᠃ | ︽ᠡᠨᠡ ᠠᠵᠢᠯ ᠢ ᠰᠣᠩᠭᠤᠭᠰᠠᠨ ᠶᠤᠮ ᠴᠢᠨᠢ ᠠᠵᠢᠯ ᠢᠶᠠᠨ ᠰᠠᠶᠢᠲᠤᠷ ᠬᠢᠵᠦ᠂ ᠬᠡᠷᠡᠭᠯᠡᠭᠴᠢᠳ ᠲᠤ ᠰᠠᠶᠢᠲᠤᠷ | ᠦᠢᠯᠡᠴᠢᠯᠡᠬᠦ ᠬᠡᠷᠡᠭᠲᠡᠢ᠃ ᠲᠣᠭᠤᠷᠢᠨ ᠪᠠᠶᠢᠴᠠᠭᠠᠬᠤ ᠪᠦᠷᠢ ᠪᠢ ᠪᠦᠷ ︿ᠠᠰᠠᠭᠤᠳᠠᠯ ᠰᠢᠢᠳᠪᠦᠷᠢᠯᠡᠬᠦ﹀ | ᠰᠡᠳᠬᠢᠬᠦᠢ ᠲᠠᠢ ᠶᠠᠪᠤᠵᠤ᠂ ᠱᠠᠯᠠᠪᠳᠠᠨ ᠵᠠᠰᠠᠬᠤ ᠤᠳᠠᠭ᠎ᠠ ᠪᠣᠯᠭᠠᠨ ᠢ ᠮᠡᠷᠭᠡᠵᠢᠯ ᠤᠨ ᠪᠣᠯᠪᠠᠰᠤᠷᠠᠯ ᠢᠶᠠᠷ ᠦᠵᠡᠳᠡᠭ᠃ | ᠪᠢ ᠬᠤᠷᠳᠤᠨ ᠠᠵᠢᠯᠯᠠᠪᠠᠯ ᠰᠠᠶ᠋ᠢ ᠬᠡᠷᠡᠭᠯᠡᠭᠴᠢ ᠬᠤᠷᠳᠤᠨ ᠤᠰᠤ ᠬᠡᠷᠡᠭᠯᠡᠵᠦ ᠪᠣᠯᠣᠨ᠎ᠠ︾ ᠭᠡᠵᠦ ᠵᠢᠶᠣᠣ ᠰᠢᠩ ᠯᠢ | ᠬᠡᠯᠡᠪᠡ᠃ | ᠬᠡᠷᠡᠭᠯᠡᠭᠴᠢᠳ ᠲᠤ ᠲᠥᠭᠦᠮ ᠦᠵᠡᠭᠦᠯᠭᠦ ᠶᠢᠨ ᠲᠥᠯᠥᠭᠡ ᠵᠢᠶᠣᠣ ᠰᠢᠩ ᠯᠢ ᠶᠢᠨ ᠭᠠᠷ ᠤᠲᠠᠰᠤ ᠵᠢᠯᠵᠢᠨ 24 | ᠴᠠᠭ ᠢᠶᠠᠷ ᠨᠡᠭᠡᠭᠡᠯᠲᠡ ᠲᠠᠢ ᠪᠠᠶᠢᠳᠠᠭ᠃ ᠲᠡᠭ ᠠᠴᠠ ᠳᠣᠷᠣᠭᠰᠢ 20 ᠭᠠᠷᠤᠢ ᠭᠷᠡᠳᠦ᠋ᠰ ᠤᠨ ᠡᠪᠦᠯ ᠤᠨ ᠡᠳᠦᠷ ᠴᠦ | ᠲᠡᠷᠡ᠂ ᠰᠥᠨᠢ ᠳᠦᠯᠢ ᠴᠦ ᠲᠡᠷᠡ᠂ ᠰᠡᠯᠪᠢᠨ ᠵᠠᠰᠠᠬᠤ᠂ ᠵᠠᠪᠳᠤᠨ ᠵᠠᠰᠠᠬᠤ ᠤᠲᠠᠰᠤ ᠶᠢ ᠲᠤᠰᠳᠠᠭ ᠯᠠ ᠶᠤᠮ ᠪᠣᠯ | ᠲᠡᠷᠡ ᠳᠠᠷᠤᠢ ᠲᠦᠷᠭᠡᠨ ᠲᠤᠬᠠᠢ ᠶᠢᠨ ᠲᠠᠯᠠᠪᠠᠢ ᠳᠤ ᠣᠴᠢᠳᠠᠭ᠃ | 2017 ᠣᠨ ᠤ 7 ᠰᠠᠷ᠎ᠠ ᠶᠢᠨ ᠨᠢᠭᠡᠨ ᠣᠷᠣᠢ ᠶᠡᠭᠡ ᠪᠣᠷᠣᠭᠠᠨ ᠣᠷᠣᠪᠠ᠃ ᠵᠢᠶᠣᠣ ᠰᠢᠩ ᠯᠢ | ᠬᠢᠮᠤᠷᠠᠭᠰᠠᠨ ᠠᠴᠠ ᠪᠡᠶ᠎ᠡ ᠨᠢ ᠮᠠᠰᠢ ᠡᠪ ᠦᠭᠡᠢ ᠪᠠᠶᠢᠯ᠎ᠠ᠃ ᠡᠨᠡ ᠦᠶ᠎ᠡ ᠳᠤ ᠨᠢᠭᠡᠨ ᠰᠠᠭᠤᠭᠠᠯᠢ ᠠᠷᠠᠳ ᠤᠲᠠᠰᠤ | ᠢᠷᠡᠭᠦᠯᠵᠦ᠂ ᠭᠡᠷ ᠤᠨ ᠬᠢᠨᠢ ᠤᠰᠤ ᠳᠠᠮᠵᠢᠭᠤᠯᠬᠤ ᠬᠤᠭᠤᠯᠠᠢ ᠬᠠᠭᠠᠷᠠᠪᠠ ᠭᠡᠵᠡᠢ᠃ ᠲᠡᠷᠡ ᠶᠠᠭᠤ ᠴᠤ ᠬᠡᠯᠡᠭᠰᠡᠨ | ᠦᠭᠡᠢ᠂ ᠬᠤᠷᠳᠤᠨ ᠭᠡᠭᠴᠢ ᠠᠵᠢᠯ ᠤᠨ ᠬᠤᠪᠴᠠᠰᠤ ᠪᠠᠨ ᠡᠮᠦᠰᠴᠦ᠂ ᠪᠠᠭᠠᠵᠢ ᠬᠡᠷᠡᠭᠰᠡᠯ ᠢᠶᠠᠨ ᠠᠪᠤᠭᠠᠳ | ᠬᠡᠷᠡᠭᠯᠡᠭᠴᠢ ᠶᠢᠨ ᠭᠡᠷ ᠲᠤ ᠣᠴᠢᠪᠠ᠃ ᠶᠠᠭᠠᠷᠠᠭᠠᠳ ᠡᠬᠢᠯᠡᠪᠡᠯ ᠭᠤᠷᠪᠠ ᠳᠥᠷᠪᠡᠨ ᠴᠠᠭ ᠴᠤ ᠬᠤᠷᠳᠤᠨ ᠥᠩᠭᠡᠷᠡᠵᠦ | ᠂ ᠳᠠᠮᠵᠢᠭᠤᠯᠬᠤ ᠬᠤᠭᠤᠯᠠᠢ ᠶᠢ ᠵᠠᠰᠠᠵᠤ ᠪᠠᠷᠠᠬᠤ ᠦᠶᠡᠰ ᠨᠢᠭᠡᠨᠲᠡ ᠰᠥᠨᠢ ᠳᠦᠯᠢ ᠪᠣᠯᠵᠠᠢ᠃ ᠬᠡᠷᠡᠭᠯᠡᠭᠴᠢ ᠠᠴᠠ | ᠲᠠᠯᠠᠷᠬᠠᠯ ᠤᠨ ᠰᠡᠳᠬᠢᠯ ᠢᠶᠠᠨ ᠢᠯᠡᠳᠬᠡᠬᠦ ᠳᠤ᠂ ᠲᠡᠷᠡ ᠢᠨᠢᠶᠡᠭᠰᠡᠭᠡᠷ᠄ ︽ᠬᠠᠮᠢᠶ᠎ᠠ ᠦᠭᠡᠢ᠂ ᠡᠨᠡ ᠪᠣᠯ ᠮᠢᠨᠤ ᠬᠢᠬᠦ | ᠶᠣᠰᠣᠲᠠᠢ ᠠᠵᠢᠯ︾ ᠭᠡᠪᠡ᠃ | ᠵᠢᠯ ᠪᠦᠷᠢ ᠶᠢᠨ ᠴᠠᠭᠠᠨ ᠰᠠᠷ᠎ᠠ ᠶᠢᠨ ᠬᠤᠭᠤᠴᠠᠭᠠᠨ ᠳᠤ᠂ ᠵᠢᠶᠣᠣ ᠰᠢᠩ ᠯᠢ ᠪᠦᠷ ᠠᠵᠢᠯ ᠤᠨ ᠪᠠᠶᠢᠷᠢ ᠪᠠᠨ | ᠪᠠᠲᠤ ᠰᠠᠬᠢᠵᠤ ᠲᠣᠭᠤᠷᠢᠨ ᠴᠠᠭᠳᠠᠵᠤ ᠵᠢᠵᠢᠭᠦᠷᠯᠡᠳᠡᠭ᠃ | 2019 ᠣᠨ ᠤ ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ ᠤ ᠰᠥᠨᠢ ᠭᠡᠨᠡᠳᠲᠡ ᠶᠡᠭᠡ ᠬᠦᠢᠲᠡᠷᠡᠵᠦ᠂ | ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠭᠤᠷᠪᠠᠳᠤᠭᠠᠷ ᠳᠡᠰ ᠤᠨ ᠬᠥᠭᠡᠷᠭᠡ ᠶᠢᠨ ᠥᠷᠲᠡᠭᠡ ᠪᠠ | B ᠭᠠᠵᠠᠷ ᠣᠷᠣᠨ ᠳᠤ ᠴᠥᠮ ᠤᠰᠤᠨ ᠬᠤᠭᠤᠯᠠᠢ ᠳᠡᠯᠪᠡᠷᠡᠵᠦ ᠤᠰᠤ ᠭᠤᠭᠤᠵᠢᠭᠰᠠᠨ ᠬᠦᠨᠳᠦ ᠨᠣᠴᠢᠲᠠᠢ | ᠠᠰᠠᠭᠤᠳᠠᠯ ᠭᠠᠷᠴᠤ᠂ ᠤᠰᠤ ᠴᠠᠭᠢᠯᠭᠠᠨ ᠪᠦᠷ ᠵᠣᠭᠰᠣᠪᠠ᠃ ᠠᠳᠡᠯ ᠭᠠᠷᠤᠭᠰᠠᠨ ᠤ ᠳᠠᠷᠠᠭ᠎ᠠ᠂ ᠵᠢᠶᠣᠣ ᠰᠢᠩ ᠯᠢ | ᠬᠠᠮᠲᠤ ᠠᠵᠢᠯᠯᠠᠭᠰᠠᠳ ᠢᠶᠠᠨ ᠳᠠᠭᠠᠭᠤᠯᠤᠨ ᠲᠤᠬᠠᠢ ᠶᠢᠨ ᠲᠠᠯᠠᠪᠠᠶ ᠳᠤ ᠬᠦᠷᠴᠦ᠂ ᠭᠠᠵᠠᠷ ᠳᠡᠭᠡᠷᠡᠬᠢ ᠮᠥᠰᠥ ᠶᠢ | ᠲᠦᠷᠭᠡᠨ ᠴᠡᠪᠡᠷᠯᠡᠵᠦ᠂ ᠬᠠᠭᠠᠷᠠᠭᠰᠠᠨ ᠤᠰᠤᠨ ᠬᠤᠭᠤᠯᠠᠢ ᠶᠢ ᠵᠠᠪᠳᠤᠨ ᠵᠠᠰᠠᠵᠤ᠂ ᠥᠷᠯᠥᠭᠡ ᠶᠢᠨ 4 ᠴᠠᠭ ᠭᠠᠷᠤᠢ | ᠪᠤᠯᠲᠠᠯ᠎ᠠ ᠶᠠᠭᠠᠷᠠᠭᠠᠳ ᠤᠰᠤᠨ ᠬᠤᠭᠤᠯᠠᠢ ᠶᠢ ᠵᠠᠰᠠᠵᠤ ᠪᠠᠷᠠᠭᠰᠠᠨ ᠤ ᠳᠠᠷᠠᠭ᠎ᠠ ᠰᠠᠶ᠋ᠢ ᠬᠠᠷᠢᠵᠠᠢ᠃ | 2016 ᠣᠨ ᠠᠴᠠ 2019 ᠣᠨ ᠪᠤᠯᠲᠠᠯᠠᠭᠢ ᠬᠤᠭᠤᠴᠠᠭ᠎ᠠ ᠪᠣᠯ ᠵᠢᠶᠣᠣ ᠰᠢᠩ ᠯᠢ ᠶᠢᠨ ᠰᠡᠯᠪᠢᠨ ᠵᠠᠰᠠᠬᠤ | ᠡᠭᠦᠷᠭᠡ ᠬᠠᠮᠤᠭ ᠤᠨ ᠬᠦᠨᠳᠦ 3 ᠵᠢᠯ ᠪᠣᠯᠣᠨ᠎ᠠ᠃ ᠲᠤᠬᠠᠢ ᠶᠢᠨ ᠦᠶ᠎ᠡ ᠳᠤ᠂ ᠠᠯᠠᠱᠠ ᠶᠢᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ᠵᠠᠷᠢᠮ ᠤᠰᠤ ᠬᠠᠩᠭᠠᠬᠤ ᠬᠤᠭᠤᠯᠠᠢ ᠱᠤᠭᠤᠮ ᠤᠨ ᠬᠡᠷᠡᠭᠯᠡᠭᠰᠡᠨ ᠵᠢᠯ ᠬᠤᠭᠤᠴᠠᠭ᠎ᠠ | ᠬᠡᠲᠦᠷᠬᠡᠢ ᠣᠷᠳᠣ᠂ ᠬᠤᠭᠤᠯᠠᠢ ᠪᠥᠭᠯᠡᠷᠡᠬᠦ᠂ ᠢᠯᠵᠢᠷᠡᠵᠦ ᠤᠰᠤ ᠭᠤᠭᠤᠵᠢᠬᠤ᠂ ᠤᠰᠤᠨ ᠤ ᠴᠢᠨᠠᠷ ᠢ ᠨᠥᠯᠥᠭᠡᠯᠡᠬᠦ | ᠪᠠᠶᠢᠳᠠᠯ ᠪᠠᠶᠢᠨ ᠳᠠᠭᠢᠨ ᠭᠠᠷᠴᠤ ᠪᠠᠶᠢᠪᠠ᠃ ᠨᠦᠰᠡᠷ ᠶᠡᠭᠡ ᠳᠠᠷᠤᠯᠲᠠ ᠶᠢᠨ ᠡᠮᠦᠨ᠎ᠡ᠂ ᠵᠢᠶᠣᠣ ᠰᠢᠩ ᠯᠢ ᠬᠦᠨᠳᠦ | ᠡᠭᠦᠷᠭᠡ ᠶᠢ ᠡᠭᠦᠷᠭᠡᠯᠡᠵᠦ᠂ ᠮᠡᠷᠭᠡᠵᠢᠯ ᠤᠨ ᠪᠣᠭᠤᠮᠲᠠ ᠰᠢᠪᠲᠤᠯᠬᠤ ᠳᠤᠭᠤᠶᠢᠯᠠᠩ ᠢ ᠲᠦᠷᠦᠭᠦᠯᠡᠨ ᠪᠠᠶᠢᠭᠤᠯᠵᠤ᠂ | ᠲᠣᠭᠤᠷᠢᠨ ᠪᠠᠶᠢᠴᠠᠭᠠᠬᠤ ᠠᠵᠢᠯ ᠤᠨ ᠶᠠᠪᠤᠴᠠ ᠶᠢ ᠲᠣᠭᠲᠠᠭᠠᠨ ᠲᠡᠭᠦᠯᠳᠡᠷᠵᠢᠭᠦᠯᠵᠦ᠂ ᠡᠳᠦᠷ ᠪᠦᠷᠢ ᠤᠰᠤ | ᠬᠠᠩᠭᠠᠬᠤ ᠬᠤᠭᠤᠯᠠᠢ ᠶᠢ ᠰᠡᠯᠪᠢᠨ ᠵᠠᠰᠠᠬᠤ ᠡᠮᠦᠨ᠎ᠡ ᠹᠷᠣᠨᠲ ᠲᠤ ᠶᠠᠭᠠᠷᠠᠨ ᠠᠵᠢᠯᠯᠠᠪᠠ᠃ | ᠬᠡᠲᠦᠷᠬᠡᠢ ᠶᠠᠳᠠᠷᠠᠵᠤ ᠠᠵᠢᠯᠯᠠᠭᠰᠠᠨ ᠠᠴᠠ ᠪᠣᠯᠵᠤ ᠵᠢᠶᠣᠣ ᠰᠢᠩ ᠯᠢ ᠶᠢᠨ ᠨᠢᠷᠤᠭᠤ ᠰᠡᠭᠡᠷ ᠤᠨ ᠮᠦᠭᠡᠷᠡᠰᠦᠨ | ᠲᠠᠪᠠᠭ ᠨᠢ ᠭᠡᠮᠲᠦᠵᠦ ᠪᠤᠯᠴᠢᠩ ᠨᠢ ᠰᠢᠷᠬᠠᠲᠤᠵᠠᠢ᠂ ᠭᠡᠪᠡᠴᠦ ᠡᠭᠦᠷᠭᠡ ᠪᠠᠨ ᠲᠦᠷᠭᠡᠨ ᠪᠡᠶᠡᠯᠡᠭᠦᠯᠬᠦ ᠶᠢᠨ ᠲᠥᠯᠥᠭᠡ᠂ | ᠲᠡᠷᠡ ᠰᠢᠳᠦ ᠵᠠᠭᠤᠵᠤ ᠡᠪᠡᠳᠬᠦ ᠪᠠᠨ ᠲᠡᠰᠪᠦᠷᠢᠯᠡᠨ᠂ ᠰᠡᠯᠪᠢᠨ ᠵᠠᠰᠠᠬᠤ ᠪᠦᠯᠭᠦᠮ ᠤᠨ ᠬᠢᠨ ᠢᠶᠠᠨ ᠳᠠᠭᠠᠭᠤᠯᠤᠨ᠂ | ᠬᠠᠮᠢᠭ᠎ᠠ ᠠᠰᠠᠭᠤᠳᠠᠯ ᠭᠠᠷᠪᠠᠯ ᠲᠡᠨᠳᠡ ᠬᠦᠷᠴᠦ ᠪᠠᠶᠢᠪᠠ᠃ ᠲᠡᠷᠡ ᠪᠦᠯᠭᠦᠮ ᠤᠨ ᠬᠢᠨ ᠲᠠᠢ ᠪᠠᠨ 3 ᠵᠢᠯ ᠴᠢᠷᠮᠠᠶᠢᠵᠤ | ᠪᠠᠶᠢᠭᠠᠳ ᠶᠡᠭᠡ ᠰᠠᠶᠢᠨ ᠦᠷ᠎ᠡ ᠪᠦᠲᠦᠮᠵᠢ ᠣᠯᠪᠠ᠄ ᠤᠰᠤ ᠬᠠᠩᠭᠠᠬᠤ ᠬᠤᠭᠤᠯᠠᠢ ᠱᠤᠭᠤᠮ ᠤᠨ ᠭᠡᠮ ᠭᠠᠷᠬᠤ | ᠨᠤᠷᠮ᠎ᠠ ᠪᠠᠭᠤᠷᠠᠵᠤ᠂ ᠠᠵᠤ ᠠᠬᠤᠶᠢᠯᠠᠯ ᠪᠣᠯᠣᠨ ᠰᠠᠭᠤᠭᠠᠯᠢ ᠠᠷᠠᠳ ᠬᠡᠪ ᠢᠶᠠᠷ ᠤᠰᠤ ᠬᠡᠷᠡᠭᠯᠡᠬᠦ ᠪᠣᠯᠪᠠ᠃ | ᠣᠶᠢᠷ᠎ᠠ ᠶᠢᠨ ᠵᠢᠯ ᠠᠴᠠ ᠵᠢᠶᠣᠣ ᠰᠢᠩ ᠯᠢ ᠪᠠᠰᠠ ᠵᠠᠩᠭᠢᠯᠠᠭ᠎ᠠ ᠶᠢᠨ ᠴᠢᠬᠤᠯᠠ ᠲᠤᠨᠤᠭ ᠲᠥᠬᠦᠭᠡᠷᠦᠮᠵᠢ ᠶᠢ | ᠰᠡᠯᠪᠢᠨ ᠵᠠᠰᠠᠬᠤ᠂ ᠳᠠᠮᠵᠢᠭᠤᠯᠬᠤ ᠬᠤᠭᠤᠯᠠᠢ ᠶᠢᠨ ᠲᠥᠬᠦᠭᠡᠷᠦᠮᠵᠢ ᠶᠢ ᠴᠡᠪᠡᠷᠯᠡᠬᠦ᠂ ᠤᠰᠤᠨ ᠤ ᠴᠢᠨᠠᠷ ᠢ ᠪᠠᠶᠢᠴᠠᠭᠠᠨ | ᠬᠡᠮᠵᠢᠵᠦ ᠦᠯᠢᠭᠡᠷ ᠠᠪᠬᠤ ᠵᠡᠷᠭᠡ ᠭᠤᠭᠴᠤᠭ᠎ᠠ ᠠᠴᠠ ᠭᠠᠷᠳᠠᠵᠤ᠂ ᠡᠯ᠎ᠡ ᠵᠦᠢᠯ ᠤᠨ ᠠᠵᠢᠯ ᠤᠨ ᠳᠦᠷᠢᠮ᠂ | ᠪᠠᠷᠢᠯᠭ᠎ᠠ ᠶᠢᠨ ᠠᠵᠢᠯ ᠢ ᠱᠠᠯᠠᠪᠳᠠᠨ ᠵᠠᠰᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠣᠭᠲᠠᠭᠠᠨ | ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠵᠤ ᠰᠡᠯᠪᠢᠨ ᠵᠠᠰᠠᠬᠤ ᠠᠵᠢᠯ ᠤᠨ ᠵᠢᠷᠤᠮᠵᠢᠯ ᠪᠠ ᠶᠠᠪᠤᠴᠠ ᠶᠢ | ᠲᠠᠰᠤᠷᠠᠯᠳᠠ ᠦᠭᠡᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠬᠤᠭᠤᠯᠠᠢ ᠲᠣᠣᠷ ᠤᠨ ᠬᠡᠷᠡᠭᠯᠡᠬᠦ ᠵᠢᠯ | ᠬᠤᠭᠤᠴᠠᠭ᠎ᠠ ᠪᠣᠯᠣᠨ ᠬᠤᠭᠤᠯᠠᠢ ᠲᠣᠣᠷ ᠤᠨ ᠤᠷᠳᠤ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠬᠦᠷᠢᠶᠡᠯᠡᠩ | ᠲᠣᠭᠤᠷᠢᠭ ᠤᠨ ᠤᠰᠤ ᠬᠠᠩᠭᠠᠬᠤ ᠠᠮᠤᠷ ᠲᠦᠪᠰᠢᠨ ᠢ ᠬᠦᠴᠦᠲᠡᠢ ᠪᠠᠲᠤᠯᠠᠪᠠ᠃ 2024 ᠣᠨ ᠳᠤ᠂ ᠵᠢᠶᠣᠣ | ᠰᠢᠩ ᠯᠢ ᠬᠠᠮᠲᠤ ᠠᠵᠢᠯᠯᠠᠭᠰᠠᠳ ᠲᠠᠢ ᠪᠠᠨ ᠪᠦᠭᠦ ᠵᠢᠯ ᠳᠤ 700 ᠭᠠᠷᠤᠢ ᠤᠳᠠᠭ᠎ᠠ ᠲᠣᠭᠤᠷᠢᠨ ᠪᠠᠶᠢᠴᠠᠭᠠᠵᠤ᠂ | 108 ᠤᠳᠠᠭ᠎ᠠ ᠦᠯᠢᠭᠡᠷ ᠠᠪᠤᠪᠠ᠃ ᠣᠳᠣᠬᠠᠨ ᠳᠤ᠂ ᠬᠦᠷᠢᠶᠡᠯᠡᠩ ᠲᠣᠭᠤᠷᠢᠭ ᠤᠨ ᠤᠰᠤ ᠬᠠᠩᠭᠠᠬᠤ | ᠬᠤᠭᠤᠯᠠᠢ ᠶᠢᠨ ᠤᠰᠤᠨ ᠤ ᠴᠢᠨᠠᠷ ᠨᠢ ᠴᠥᠮ ᠪᠠᠷᠢᠮᠵᠢᠶ᠎ᠠ ᠳᠤ ᠬᠦᠷᠴᠦ᠂ ᠤᠰᠤ ᠬᠠᠩᠭᠠᠬᠤ ᠦᠷ᠎ᠡ ᠪᠦᠲᠦᠮᠵᠢ ᠨᠢ | ᠢᠮᠠᠭᠲᠠ 95% ᠠᠴᠠ ᠳᠡᠭᠡᠭᠰᠢ ᠪᠠᠶᠢᠬᠤ ᠶᠢ ᠪᠠᠲᠤᠯᠠᠪᠠ᠃ | ᠪᠦᠷᠢᠳᠬᠡᠯ ᠢ ᠦᠨᠳᠦᠰᠦᠯᠡᠪᠡᠯ᠂ ᠵᠢᠶᠣᠣ ᠰᠢᠩ ᠯᠢ ᠲᠣᠭᠤᠷᠢᠨ ᠬᠠᠮᠠᠭᠠᠯᠠᠬᠤ ᠪᠦᠭᠦ ᠠᠵᠢᠯᠲᠠᠨ ᠢᠶᠠᠨ | ᠳᠠᠭᠠᠭᠤᠯᠤᠨ ᠰᠠᠭᠤᠭᠠᠯᠢ ᠠᠷᠠᠳ ᠤᠨ ᠤᠰᠤᠨ ᠬᠡᠮᠵᠢᠭᠦᠷ ᠢ 4000 ᠭᠠᠷᠤᠢ ᠡᠷᠦᠭᠡ ︵ᠤᠳᠠᠭ᠎ᠠ︶ ᠰᠡᠯᠪᠢᠨ | ᠬᠠᠮᠠᠭᠠᠯᠠᠵᠤ᠂ 300 ᠭᠠᠷᠤᠢ ᠭᠡᠷ ᠤᠨ ᠭᠠᠳᠠᠨᠠᠬᠢ ᠬᠤᠭᠤᠯᠠᠢ ᠶᠢᠨ ᠨᠡᠭᠡᠯᠡᠭᠡᠢ ᠶᠢ ᠰᠡᠯᠪᠢᠨ ᠵᠠᠰᠠᠵᠤ᠂ 200 ᠭᠠᠷᠤᠢ | ᠤᠳᠠᠭ᠎ᠠ ᠬᠤᠭᠤᠯᠠᠢ ᠶᠢ ᠵᠠᠯᠭᠠᠵᠤ᠂ 1000 ᠭᠠᠷᠤᠢ ᠤᠳᠠᠭ᠎ᠠ ᠤᠰᠤᠨ ᠬᠤᠳᠳᠤᠭ ᠢ ᠴᠡᠪᠡᠷᠯᠡᠵᠦ᠂ ᠡᠳᠦᠷ | ᠳᠤᠮᠳᠠᠴᠢ ᠪᠠᠷ 120 ᠭᠠᠷᠤᠢ ᠺᠢᠯᠣᠮᠧᠳ᠋ᠷ ᠲᠣᠭᠤᠷᠢᠨ ᠪᠠᠶᠢᠴᠠᠭᠠᠵᠤ᠂ ᠵᠢᠯ ᠪᠦᠷᠢ 800 ᠭᠠᠷᠤᠢ ᠤᠳᠠᠭ᠎ᠠ | ᠲᠣᠭᠤᠷᠢᠨ ᠪᠠᠶᠢᠴᠠᠭᠠᠵᠠᠢ᠃ ᠡᠳᠦᠭᠡ᠂ ᠲᠡᠷᠡ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠬᠤᠭᠤᠯᠠᠢ | ᠱᠤᠭᠤᠮ ᠢ ᠠᠯᠠᠭᠠᠨ ᠤ ᠪᠠᠨ ᠵᠢᠷᠤᠭᠠᠰᠤ ᠰᠢᠭ᠋ ᠴᠡᠭᠡᠵᠢᠯᠡᠵᠦ᠂ ᠡᠯ᠎ᠡ ᠵᠦᠢᠯ ᠤᠨ ᠮᠠᠲ᠋ᠧᠷᠢᠶᠠᠯ ᠨᠢ ᠲᠡᠭᠦᠨ ᠤ | ᠲᠠᠷᠢᠬᠢᠨ ᠳᠤ ︽ᠭᠤᠷᠪᠠᠨ ᠬᠡᠮᠵᠢᠯᠲᠦ ᠵᠢᠷᠤᠭ︾ ᠪᠣᠯᠵᠤ᠂ ᠡᠯ᠎ᠡ ᠨᠡᠭᠡᠯᠡᠭᠡᠢ ᠶᠢᠨ ᠣᠷᠣᠨ ᠪᠠᠶᠢᠷᠢ ᠶᠢ ᠣᠨᠣᠪᠴᠢᠲᠠᠶ | ᠲᠣᠭᠲᠠᠭᠠᠵᠤ ᠴᠢᠳᠠᠬᠤ ᠪᠣᠯᠵᠠᠢ᠃ | ᠰᠠᠶᠢᠨ ᠦᠨᠡᠯᠡᠯᠲᠡ ᠶᠢ ᠪᠣᠯ ᠬᠢᠵᠦ ᠪᠠᠶᠢᠭᠠᠳ ᠣᠯᠣᠭᠰᠠᠨ ᠶᠤᠮ᠃ 16 ᠵᠢᠯ ᠢ ᠨᠢᠭᠡ ᠯᠡ ᠡᠳᠦᠷ ᠮᠡᠲᠦ ᠪᠠᠷ | ᠡᠮᠦᠨ᠎ᠡ ᠹᠷᠣᠨᠲ ᠢ ᠪᠠᠲᠤ ᠰᠠᠬᠢᠵᠤ᠂ ᠡᠭᠦᠷᠭᠡ ᠪᠠᠨ ᠲᠤᠭ᠎ᠠ ᠶᠣᠰᠣᠭᠠᠷ ᠴᠢᠨᠠᠷ ᠰᠠᠶᠢᠲᠠᠢ ᠪᠡᠶᠡᠯᠡᠭᠦᠯᠵᠦ᠂ ᠵᠢᠶᠣᠣ | ᠰᠢᠩ ᠯᠢ ᠬᠡᠷᠡᠭᠯᠡᠭᠴᠢ ᠪᠣᠯᠣᠨ ᠬᠠᠮᠲᠤ ᠠᠵᠢᠯᠯᠠᠭᠰᠠᠳ ᠤᠨ ᠢᠶᠠᠨ ᠨᠡᠶᠢᠳᠡᠮ ᠤᠨ ᠬᠦᠷᠢᠶᠡᠯᠡᠯ ᠢ ᠣᠯᠪᠠ᠃ | ︽ᠵᠢᠶᠣᠣ ᠪᠠᠭᠰᠢ ᠠᠵᠢᠯ ᠬᠢᠬᠦ ᠳᠡᠭᠡᠨ ᠨᠠᠷᠢᠨ ᠬᠢᠨᠠᠮᠠᠭᠠᠢ᠂ ᠬᠠᠯᠠᠭᠤᠮᠰᠤᠭ᠂ ᠶᠠᠮᠠᠷ ᠠᠰᠠᠭᠤᠳᠠᠯ ᠪᠠᠶᠢᠪᠠᠯ | ᠳᠠᠭᠤᠳᠠᠮᠠᠭᠴᠠ ᠢᠷᠡᠵᠤ᠂ ᠳᠠᠷᠦ᠋ᠢᠬᠠᠨ ᠰᠢᠢᠳᠪᠦᠷᠢᠯᠡᠵᠦ ᠥᠭᠳᠡᠭ︾ ᠭᠡᠵᠦ ᠠᠯᠠᠱᠠ ᠶᠢᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ᠰᠠᠭᠤᠭᠠᠯᠢ ᠠᠷᠠᠳ ᠵᠠᠩ ᠬᠠᠢ ᠶᠠᠨ ᠬᠡᠯᠡᠪᠡ᠃ | ︽ᠵᠢᠶᠣᠣ ᠬᠡᠯᠲᠡᠰ ᠤᠨ ᠳᠠᠷᠤᠭ᠎ᠠ ᠪᠣᠯ ᠪᠢᠳᠡᠨ ᠤ ᠰᠤᠷᠤᠯᠴᠠᠬᠤ ᠳᠠᠭᠤᠷᠢᠶᠠᠯ ᠮᠥᠨ᠂ ᠤᠳᠠᠭ᠎ᠠ ᠪᠦᠷᠢ | ᠲᠡᠭᠦᠨ ᠲᠠᠢ ᠬᠠᠮᠲᠤ ᠰᠡᠯᠪᠢᠨ ᠵᠠᠰᠠᠬᠤ ᠳᠤ ᠴᠥᠮ ᠲᠡᠭᠦᠨ ᠤ ᠪᠡᠶ᠎ᠡ ᠳᠡᠭᠡᠷ᠎ᠡ ᠠᠴᠠ ᠡᠷᠡᠮᠡᠬᠡᠶᠢᠯᠡᠨ ᠤᠷᠤᠭᠰᠢᠯᠠᠬᠤ | ᠵᠣᠷᠢᠭ ᠰᠠᠨᠠᠭ᠎ᠠ᠂ ᠰᠡᠯᠪᠢᠨ ᠵᠠᠰᠠᠬᠤ ᠮᠡᠳᠡᠯᠭᠡ ᠶᠢ ᠰᠤᠷᠳᠠᠭ︾ ᠭᠡᠵᠦ ᠬᠠᠮᠲᠤ ᠠᠵᠢᠯᠯᠠᠭᠴᠢ ᠯᠢᠦ ᠹᠧᠩ ᠭᠤᠸᠠᠩ | ᠬᠡᠯᠡᠪᠡ᠃ | 16 ᠵᠢᠯ ᠤᠨ ᠲᠤᠷᠰᠢ᠂ ᠵᠢᠶᠣᠣ ᠰᠢᠩ ᠯᠢ ᠶᠠᠭ ᠯᠠ ᠪᠠᠲᠤ ᠪᠠᠬᠢ ᠡᠷᠭᠢ ᠱᠤᠷᠠᠭ ᠰᠢᠭ᠋ ᠢᠶᠠᠷ ᠡᠩ ᠤᠨ ᠤᠰᠤ | ᠬᠠᠩᠭᠠᠬᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠠᠷᠢᠮᠲᠠᠯᠠᠯ ᠪᠠ ᠴᠢᠷᠮᠠᠶᠢᠯᠭ᠎ᠠ ᠪᠠᠷ ᠢᠶᠠᠨ ᠶᠡᠷᠦ ᠪᠤᠰᠤ ᠶᠢᠨ | ᠥᠯᠢᠭᠡᠷ ᠢ ᠪᠢᠴᠢᠭᠯᠡᠵᠦ᠂ ᠠᠵᠢᠯ ᠦᠢᠯᠡᠰ ᠢᠶᠠᠨ ᠳᠡᠭᠡᠳᠦᠯᠡᠬᠦ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ | ᠦᠶ᠎ᠡ ᠶᠢᠨ ᠤᠰᠤᠨ ᠤ ᠶᠠᠪᠤᠳᠠᠯ ᠤᠨ ᠠᠵᠢᠯᠲᠠᠨ ᠤ ᠲᠠᠩᠭᠠᠷᠢᠭ ᠢ ᠦᠢᠯᠡᠳᠦᠯᠭᠡᠵᠢᠭᠦᠯᠵᠦ ᠪᠠᠶᠢᠨ᠎ᠠ᠃ 2013 | ᠣᠨ ᠳᠤ᠂ ᠵᠢᠶᠣᠣ ᠰᠢᠩ ᠯᠢ ᠪᠦᠭᠦ ᠤᠯᠤᠰ ᠤᠨ ︽5 · 1︾ ᠤ ᠭᠦᠳᠡᠯᠮᠦᠷᠢ ᠶᠢᠨ ᠱᠠᠩᠨᠠᠯ ᠬᠦᠷᠲᠡᠵᠦ᠂ ᠡᠨᠡ | ᠵᠢᠯ ᠤᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ ᠪᠦᠭᠦ ᠤᠯᠤᠰ ᠤᠨ | ᠭᠦᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠪᠡ᠃ | ︽ᠬᠤᠶᠢᠰᠢᠳᠠ ᠪᠢ ᠪᠠᠰᠠ ᠥᠩᠭᠡᠷᠡᠭᠰᠡᠨ ᠲᠠᠢ ᠪᠠᠨ ᠠᠳᠠᠯᠢ ᠪᠠᠷ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ | ᠥᠪᠡᠷ ᠤᠨ ᠮᠡᠷᠭᠡᠵᠢᠯ ᠤᠨ ᠴᠢᠳᠠᠪᠤᠷᠢ ᠪᠠᠷ ᠢᠶᠠᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠠᠮᠤᠷ ᠲᠦᠪᠰᠢᠨ ᠢ | ᠰᠠᠶᠢᠲᠤᠷ ᠰᠠᠬᠢᠨ ᠬᠠᠮᠠᠭᠠᠯᠠᠨ᠎ᠠ᠃ ᠤᠯᠠᠮᠵᠢᠯᠠᠬᠤ ᠬᠠᠪᠰᠤᠷᠬᠤ ᠳᠠᠭᠠᠭᠤᠯᠬᠤ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠯᠠᠪᠳᠠᠭᠤᠨ ᠪᠠᠲᠤᠲᠠᠢ ᠠᠵᠢᠯᠯᠠᠬᠤ᠂ ᠮᠡᠷᠭᠡᠵᠢᠯ ᠳᠡᠭᠡᠨ ᠴᠠᠭᠠᠷᠠᠭᠰᠠᠨ ᠰᠡᠯᠪᠢᠨ ᠵᠠᠰᠠᠬᠤ ᠠᠵᠢᠯᠲᠠᠨ ᠢ | ᠢᠯᠡᠭᠦᠬᠡᠨ ᠬᠥᠮᠥᠵᠢᠭᠦᠯᠵᠦ᠂ ᠤᠰᠤᠨ ᠤ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠥᠪᠡᠷ ᠤᠨ | ᠬᠦᠴᠦᠨ ᠴᠢᠳᠠᠯ ᠢᠶᠠᠨ ᠡᠷᠭᠦᠨ᠎ᠡ︾ ᠭᠡᠵᠦ ᠵᠢᠶᠣᠣ ᠰᠢᠩ ᠯᠢ ᠬᠡᠯᠡᠪᠡ᠃ | |