︽5.1︾ ᠤ ᠬᠤᠭᠤᠴᠠᠭᠠᠨ ᠳᠤ᠂ ᠭᠤᠣᠯᠳᠠᠯᠭ᠎ᠠ ᠲᠠᠢ ᠬᠢᠨᠠᠨ ᠬᠡᠮᠵᠢᠭᠰᠡᠨ ᠪᠥᠬᠦ ᠣᠷᠣᠨ ᠤ 358 | ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠵᠣᠭᠤᠰᠤᠨ ᠲᠤᠭ᠎ᠠ ᠨᠡᠶᠢᠲᠡ 15.77 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.3% ᠨᠡᠮᠡᠭᠳᠡᠪᠡ᠃ | ︽5 · 1︾ ᠤ ᠠᠮᠠᠷᠠᠯᠲᠠ ᠪᠠᠷ᠂ ᠮᠠᠨ ᠤ ᠣᠷᠣᠨ ᠤ ᠡᠯ᠎ᠡ ᠲᠣᠮᠣ ᠬᠤᠳᠠᠯᠳᠤᠭᠠᠨ ᠤ ᠲᠣᠭᠤᠷᠢᠭ ᠲᠠᠬᠢ | ᠬᠥᠮᠥᠨ ᠤ ᠲᠤᠭ᠎ᠠ ᠮᠡᠳᠡᠭᠳᠡᠮ᠎ᠡ ᠨᠡᠮᠡᠭᠳᠡᠵᠦ᠂ ᠵᠠᠬ᠎ᠠ ᠳᠡᠯᠭᠡᠭᠦᠷ ᠤᠳ ᠢᠶᠠᠷ ᠬᠥᠭᠵᠢᠶᠡᠨᠲᠦ ᠪᠠᠶᠢᠳᠠᠯ ᠢᠯᠡᠷᠡᠵᠡᠢ᠃ | ᠬᠥᠬᠡᠬᠤᠲᠠ ᠶᠢᠨ ᠵᠦᠩ ᠱᠠᠨ ᠵᠠᠮ ᠤᠨ ᠬᠤᠳᠠᠯᠳᠤᠭᠠᠨ ᠤ ᠲᠣᠭᠤᠷᠢᠭ᠂ ᠪᠤᠭᠤᠲᠤ ᠶᠢᠨ ᠪᠦᠷᠢᠨ ᠪᠠᠷᠠᠭᠠᠲᠤ | ᠬᠤᠳᠠᠯᠳᠤᠭᠠᠨ ᠤ ᠲᠣᠭᠤᠷᠢᠭ᠂ ᠣᠷᠳᠣᠰ ᠤᠨ ᠳᠠᠯᠠᠳ ᠬᠤᠶᠢᠲᠤ ᠵᠠᠮ ᠤᠨ ᠬᠤᠳᠠᠯᠳᠤᠭᠠᠨ ᠤ ᠲᠣᠭᠤᠷᠢᠭ᠂ | ᠤᠯᠠᠭᠠᠨᠬᠠᠳᠠ ᠬᠤᠳᠠ ᠶᠢᠨ ᠬᠥᠭᠦᠷᠭᠡᠨ ᠬᠤᠶᠢᠲᠤ ᠶᠢᠨ ᠬᠤᠳᠠᠯᠳᠤᠭᠠᠨ ᠤ ᠲᠣᠭᠤᠷᠢᠭ ᠵᠡᠷᠭᠡ ᠭᠠᠵᠠᠷ ᠢᠶᠠᠷ | ᠵᠣᠷᠴᠢᠭᠴᠢᠳ ᠤᠨ ᠲᠤᠭ᠎ᠠ ᠮᠠᠰᠢ ᠶᠡᠭᠡ ᠪᠠᠷ ᠨᠡᠮᠡᠭᠳᠡᠵᠦ᠂ ᠵᠣᠷᠴᠢᠭᠴᠢᠳ ᠤᠨ ᠲᠤᠭ᠎ᠠ ᠠᠳᠠᠯᠢ | ᠬᠤᠭᠤᠴᠠᠭᠠᠨ ᠤ ᠬᠢ ᠠᠴᠠ ᠲᠣᠰ ᠪᠦᠷᠢ 30.2%᠂ 23.7%᠂ 21.6%᠂ 19.8% ᠪᠠᠷ ᠨᠡᠮᠡᠭᠳᠡᠪᠡ᠃ | ᠡᠨᠡ ᠵᠢᠯ ᠤᠨ ︽5.1︾ ᠤ ᠠᠮᠠᠷᠠᠯᠲᠠ ᠪᠠᠷ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ | ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠬᠠᠭᠤᠴᠢᠨ ᠬᠡᠷᠡᠭᠯᠡᠭᠡ ᠶᠢᠨ ᠵᠦᠢᠯᠡᠰ ᠢ ᠰᠢᠨ᠎ᠡ ᠪᠠᠷ ᠰᠣᠯᠢᠬᠤ | ᠠᠵᠢᠯ ᠢᠶᠠᠨ ︽5.1︾ ᠤ ᠬᠡᠷᠡᠭᠯᠡᠭᠡ ᠶᠢ ᠠᠬᠢᠭᠤᠯᠬᠤ ᠭᠤᠣᠯᠳᠠᠯᠭ᠎ᠠ ᠪᠦᠬᠦᠢ ᠠᠵᠢᠯᠯᠠᠭ᠎ᠠ ᠯᠤᠭ᠎ᠠ ᠭᠦᠨᠵᠡᠭᠡᠢ | ᠤᠶᠠᠯᠳᠤᠭᠤᠯᠬᠤ ᠪᠠᠷ ᠨᠢᠭᠡᠲᠦᠯᠲᠡᠢ ᠲᠥᠯᠥᠪᠯᠡᠵᠦ᠂ ᠬᠡᠷᠡᠭᠯᠡᠭᠡ ᠶᠢᠨ ᠰᠢᠨ᠎ᠡ ᠳᠠᠯᠳᠠ ᠬᠦᠴᠦᠨ ᠢ ᠰᠡᠷᠭᠦᠭᠡᠭᠰᠡᠨ | ᠪᠠᠶᠢᠨ᠎ᠠ᠃ ᠣᠲᠣ ᠪᠣᠯᠲᠠᠯ᠎ᠠ᠂ ᠪᠥᠬᠦ ᠣᠷᠣᠨ ᠳᠤ ᠬᠠᠭᠤᠴᠢᠨ ᠬᠡᠷᠡᠭᠯᠡᠭᠡ ᠶᠢᠨ ᠵᠦᠢᠯᠡᠰ ᠢ ᠰᠢᠨ᠎ᠡ ᠪᠠᠷ ᠰᠣᠯᠢᠬᠤ | ᠨᠥᠬᠦᠪᠦᠷᠢ ᠪᠡᠯᠡ ᠮᠥᠩᠭᠦ ᠶᠢ 18.8 ᠳ᠋ᠦᠩᠰᠢᠭᠤᠷ ᠲᠥᠭᠦᠷᠢᠭ ᠪᠠᠭᠤᠯᠭᠠᠨ ᠨᠥᠬᠦᠪᠦᠷᠢᠯᠡᠵᠦ᠂ ᠨᠡᠶᠢᠲᠡ 158 | ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠭᠰᠠᠨ ᠢᠶᠠᠷ᠂ ᠠᠷᠠᠳ ᠣᠯᠠᠨ ᠤ ᠪᠠᠷᠠᠭ᠎ᠠ ᠬᠤᠳᠠᠯᠳᠤᠨ ᠠᠪᠬᠤ | ᠤᠷᠮ᠎ᠠ ᠶᠢ ᠬᠥᠭᠵᠢᠭᠡᠨ᠂ ᠲᠥᠷᠥ ᠶᠢᠨ ᠪᠣᠳᠣᠯᠭ᠎ᠠ ᠶᠢᠨ ᠠᠰᠢᠭ ᠢ ᠬᠦᠷᠲᠡᠭᠡᠪᠡ᠃ | ᠡᠨᠡ ᠬᠦ ᠠᠮᠠᠷᠠᠯᠲᠠ ᠪᠠᠷ᠂ ᠪᠥᠬᠦ ᠣᠷᠣᠨ ᠤ ᠡᠯ᠎ᠡ ᠲᠣᠮᠣ ᠢᠳᠡᠭᠡᠨ ᠤᠮᠳᠠᠭᠠᠨ ᠤ ᠠᠵᠤ ᠠᠬᠤᠶᠢᠯᠠᠯ ᠤᠳ ᠴᠠᠭ | ᠲᠤᠬᠠᠢ ᠳᠤ ᠨᠢ ᠥᠪᠡᠷᠮᠢᠴᠡ ᠣᠨᠴᠠᠯᠢᠭ ᠲᠠᠢ ᠢᠳᠡᠭᠡᠨ ᠤᠮᠳᠠᠭᠠᠨ ᠭᠠᠷᠭᠠᠭᠠᠳ ᠣᠷᠣᠨ ᠤ ᠳᠣᠲᠣᠨ᠎ᠠ ᠭᠠᠳᠠᠨᠠᠬᠢ | ᠮᠠᠰᠢ ᠣᠯᠠᠨ ᠬᠡᠷᠡᠭᠯᠡᠭᠴᠢᠳ ᠤᠨ ᠠᠩᠬᠠᠷᠤᠯ ᠢ ᠳᠠᠲᠠᠭᠰᠠᠨ ᠪᠠᠶᠢᠨ᠎ᠠ᠃ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠷ ᠪᠣᠯ | ᠂ ᠪᠥᠬᠦ ᠣᠷᠣᠨ ᠤ ᠭᠤᠣᠯᠳᠠᠯᠭ᠎ᠠ ᠲᠠᠢ ᠬᠢᠨᠠᠨ ᠬᠡᠮᠵᠢᠭᠰᠡᠨ ᠢᠳᠡᠭᠡᠨ ᠤᠮᠳᠠᠭᠠᠨ ᠤ 75 ᠠᠵᠤ ᠠᠬᠤᠶᠢᠯᠠᠯ ᠤᠨ | ᠪᠣᠷᠣᠯᠠᠭᠤᠯᠤᠭᠰᠠᠨ ᠵᠣᠭᠤᠰᠤᠨ ᠲᠤᠭ᠎ᠠ ᠨᠡᠶᠢᠲᠡ 3803.3 ᠲᠦᠮᠡᠨ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ᠃ |