5 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ ᠮᠡᠳᠡᠭᠳᠡᠯ ᠨᠡᠶᠢᠲᠡᠯᠡᠵᠦ᠂ 2025 ᠣᠨ ᠤ ᠤᠰᠤ ᠠᠷᠪᠢᠯᠠᠬᠤ ᠶᠢᠨ ᠬᠡᠪ ᠳᠠᠭᠤᠷᠢᠶᠠᠯ | ᠪᠣᠯᠬᠤᠶᠢᠴᠠ ᠠᠵᠤ ᠠᠬᠤᠶᠢᠯᠠᠯ ᠤᠳ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠳ᠂ ᠤᠰᠤ ᠠᠷᠪᠢᠯᠠᠬᠤ | ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠳ ᠤᠨ ᠨᠡᠷᠡᠰ ᠢ ᠨᠡᠶᠢᠲᠡᠯᠡᠪᠡ᠃ | ᠮᠡᠳᠡᠭᠳᠡᠯ ᠳᠤ ᠵᠢᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠪᠠ | ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ᠳᠡᠭᠡᠭᠰᠢᠯᠡᠭᠦᠯᠬᠦ ᠠᠵᠢᠯᠯᠠᠭᠠᠨ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠦᠢᠯᠡᠳᠬᠦ ᠦᠢᠯᠡᠰ ᠤᠨ ᠬᠦᠷᠢᠶᠡᠨ ᠳᠠᠬᠢ ᠤᠰᠤ ᠠᠷᠪᠢᠯᠠᠵᠤ ᠭᠠᠳᠠᠭᠰᠢᠯᠠᠭᠤᠯᠤᠯᠲᠠ ᠶᠢ | ᠪᠠᠭᠠᠰᠬᠠᠬᠤ ᠠᠵᠢᠯ ᠢ ᠲᠦᠷᠭᠡᠳᠬᠡᠨ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ | ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠯᠤᠭ᠎ᠠ ᠬᠠᠮᠲᠤᠷᠠᠨ 2025 ᠣᠨ ᠤ ᠤᠰᠤ ᠠᠷᠪᠢᠯᠠᠬᠤ ᠶᠢᠨ ᠬᠡᠪ ᠳᠠᠭᠤᠷᠢᠶᠠᠯ | ᠪᠣᠯᠬᠤᠶᠢᠴᠠ ᠠᠵᠤ ᠠᠬᠤᠶᠢᠯᠠᠯ ᠤᠳ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠳ ᠵᠢᠴᠢ ᠤᠰᠤ | ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠳ ᠢ ᠡᠭᠦᠳᠦᠨ ᠪᠠᠶᠢᠭᠤᠯᠬᠤ ᠠᠵᠢᠯ ᠢ | ᠵᠣᠬᠢᠶᠠᠨ ᠪᠠᠶᠢᠭᠤᠯᠵᠤ ᠥᠷᠨᠢᠭᠦᠯᠪᠡ᠃ ᠡᠯ᠎ᠡ ᠠᠶᠢᠮᠠᠭ ᠬᠤᠳᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠲᠠᠨᠢᠯᠴᠠᠭᠤᠯᠬᠤ᠂ ᠭᠤᠷᠪᠠᠳᠠᠭᠢ | ᠡᠲᠡᠭᠡᠳ ᠤᠨ ᠪᠠᠶᠢᠭᠤᠯᠤᠮᠵᠢ ᠠᠴᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠦᠨᠡᠯᠡᠨ ᠲᠣᠭᠲᠠᠭᠠᠬᠤ᠂ | ᠨᠡᠶᠢᠭᠡᠮ ᠨᠡᠶᠢᠲᠡ ᠳᠤ ᠢᠯᠡ ᠨᠡᠶᠢᠲᠡᠯᠡᠬᠦ ᠵᠡᠷᠭᠡ ᠶᠠᠪᠤᠴᠠ ᠪᠠᠷ ᠳᠠᠮᠵᠢᠭᠤᠯᠤᠨ᠂ ᠤᠰᠤ ᠠᠷᠪᠢᠯᠠᠬᠤ ᠶᠢᠨ ᠬᠡᠪ | ᠳᠠᠭᠤᠷᠢᠶᠠᠯ ᠪᠣᠯᠬᠤᠶᠢᠴᠠ 8 ᠠᠵᠤ ᠠᠬᠤᠶᠢᠯᠠᠯ᠂ ᠤᠰᠤ ᠠᠷᠪᠢᠯᠠᠬᠤ ᠬᠡᠯᠪᠡᠷᠢ ᠶᠢᠨ 91 ᠠᠵᠤ ᠠᠬᠤᠶᠢᠯᠠᠯ᠂ ᠤᠰᠤ | ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ ᠶᠢᠨ 12 ᠬᠦᠷᠢᠶᠡᠯᠡᠩ ᠲᠣᠭᠤᠷᠢᠭ ᠢ ᠲᠣᠭᠲᠠᠭᠠᠪᠠ᠃ | ᠮᠡᠳᠡᠭᠳᠡᠯ ᠳᠤ ᠵᠢᠭᠠᠭᠰᠠᠨ ᠢᠶᠠᠷ᠂ ᠦᠨᠡᠯᠡᠭᠳᠡᠭᠰᠡᠨ ᠨᠢᠭᠡᠴᠢ ᠨᠦᠭᠦᠳ ᠤᠰᠤ ᠠᠷᠪᠢᠯᠠᠬᠤ ᠶᠢᠨ ᠬᠡᠪ | ᠳᠠᠭᠤᠷᠢᠶᠠᠯ ᠪᠣᠯᠬᠤ ᠵᠢᠱᠢᠶ᠎ᠡ ᠦᠵᠡᠭᠦᠯᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠰᠤ ᠬᠡᠷᠡᠭᠯᠡᠬᠦ | ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠤᠰᠤ ᠠᠷᠪᠢᠯᠠᠬᠤ ᠬᠠᠮᠢᠶᠠᠷᠤᠯᠲᠠ ᠶᠢᠨ ᠳᠦᠷᠢᠮ ᠢ | ᠲᠡᠭᠦᠯᠳᠡᠷᠵᠢᠭᠦᠯᠦᠨ᠂ ᠤᠰᠤ ᠠᠷᠪᠢᠯᠠᠬᠤ ᠲᠡᠷᠢᠭᠦᠨ ᠤ ᠤᠷ᠎ᠠ ᠮᠡᠷᠭᠡᠵᠢᠯ ᠪᠠ ᠲᠣᠨᠤᠭ ᠲᠥᠬᠦᠭᠡᠷᠦᠮᠵᠢ ᠶᠢ | ᠢᠳᠡᠪᠬᠢᠲᠡᠢ ᠪᠠᠷ ᠳᠡᠯᠭᠡᠷᠡᠭᠦᠯᠦᠨ ᠬᠡᠷᠡᠭᠯᠡᠵᠦ᠂ ᠠᠵᠢᠯ ᠲᠥᠷᠥᠯ ᠤᠨ ᠳᠡᠭᠡᠳᠦ ᠳᠣᠣᠷᠠᠳᠤ ᠤᠷᠤᠰᠬᠠᠯ ᠤᠨ ᠠᠵᠤ | ᠠᠬᠤᠶᠢᠯᠠᠯ ᠤᠳ ᠢ ᠳᠠᠶᠢᠴᠢᠯᠠᠨ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠬᠠᠮᠲᠤ ᠪᠠᠷ | ᠳᠡᠭᠡᠭᠰᠢᠯᠡᠭᠦᠯᠦᠨ᠂ ᠪᠥᠬᠦ ᠨᠡᠶᠢᠭᠡᠮ ᠢᠶᠠᠷ ᠢᠶᠠᠨ ᠤᠰᠤ ᠶᠢ ᠠᠷᠪᠢᠯᠠᠬᠤ᠂ ᠤᠰᠤ ᠶᠢ ᠭᠠᠮᠨᠠᠬᠤ᠂ ᠤᠰᠤ ᠶᠢ | ᠬᠠᠮᠠᠭᠠᠯᠠᠬᠤ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠠᠶᠢᠮᠠᠭ ᠬᠤᠲᠠ ᠶᠢᠨ ᠬᠢᠨ ︽ | ᠳᠡᠯᠡᠬᠡᠢ ᠶᠢᠨ ᠤᠰᠤ ᠠᠷᠪᠢᠯᠠᠬᠤ ᠡᠳᠦᠷ︾᠂ ︽ᠳᠤᠮᠳᠠᠳᠤ ᠤᠯᠤᠰ ᠤᠨ ᠤᠰᠤ ᠠᠷᠪᠢᠯᠠᠬᠤ ᠭᠠᠷᠠᠭ︾ ᠵᠡᠷᠭᠡ | ᠠᠵᠢᠯᠯᠠᠭ᠎ᠠ ᠨᠤᠭᠤᠳ ᠲᠠᠬᠢ ᠴᠢᠬᠤᠯᠠ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ᠂ ᠤᠰᠤ ᠠᠷᠪᠢᠯᠠᠭᠰᠠᠨ | ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠤᠨ ᠳᠡᠯᠭᠡᠷᠡᠭᠦᠯᠬᠦ ᠠᠵᠢᠯ ᠢ ᠭᠦᠨᠵᠡᠭᠡᠢ ᠦᠷᠨᠢᠭᠦᠯᠦᠨ᠎ᠡ᠃ ᠨᠡᠶᠢᠲᠡᠯᠢᠭ | ᠵᠢᠱᠢᠶ᠎ᠡ ᠪᠠᠷ ᠬᠥᠲᠥᠯᠥᠨ ᠵᠢᠯᠤᠭᠤᠳᠬᠤ ᠪᠠᠷ ᠳᠡᠮᠵᠢᠨ᠂ ᠠᠵᠤ ᠠᠬᠤᠶᠢᠯᠠᠯ ᠤᠨ ᠤᠰᠤ ᠠᠷᠪᠢᠯᠠᠬᠤ ᠮᠡᠷᠭᠡᠵᠢᠯ ᠤᠨ | ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠦᠢᠯᠡᠳᠬᠦᠨ ᠤ ᠤᠰᠤᠨ ᠤ | ᠠᠰᠢᠭᠯᠠᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ | ᠴᠢᠩᠭᠠᠷᠠᠭᠤᠯᠵᠤ᠂ ᠤᠰᠤ ᠠᠷᠪᠢᠯᠠᠬᠤ ᠠᠵᠤ ᠦᠢᠯᠡᠰ ᠤᠨ ᠮᠡᠷᠭᠡᠵᠢᠯ ᠤᠨ ᠲᠠᠰ ᠳᠡᠪᠰᠢᠭᠦᠯᠬᠦ ᠶᠢ ᠠᠬᠢᠭᠤᠯᠤᠨ᠂ | ᠦᠢᠯᠡᠳᠬᠦ ᠦᠢᠯᠡᠰ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ | ᠥᠨᠣ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠰᠡᠭᠦᠯ | ᠬᠤᠷᠢᠶᠠᠬᠤ ᠵᠢᠯ ᠪᠣᠯᠣᠨ᠎ᠠ᠂ ᠣᠶᠢᠯᠠᠭᠠᠭᠰᠠᠨ ᠢᠶᠠᠷ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠳ ᠵᠢᠴᠢ | ᠤᠰᠤ ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠳ ᠢ ᠡᠭᠦᠳᠦᠨ ᠪᠠᠶᠢᠭᠤᠯᠬᠤ | ᠲᠥᠰᠥᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ ᠶᠢᠨ ᠬᠢᠨ ᠡᠨᠡ ᠵᠢᠯ ᠤᠨ | ᠡᠴᠦᠰ ᠠᠴᠠ ᠡᠮᠦᠨ᠎ᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ | ᠡᠭᠦᠳᠦᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠯᠪᠡᠷᠢ ᠶᠢᠨ ᠠᠵᠤ | ᠠᠬᠤᠶᠢᠯᠠᠯ ᠤᠳ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠳ ᠢ ᠳᠠᠬᠢᠨᠲᠠ ᠬᠠᠷᠭᠤᠭᠤᠯᠬᠤ | ᠠᠵᠢᠯ ᠢᠶᠠᠨ ᠳᠠᠭᠤᠰᠬᠠᠬᠤ ᠪᠣᠯᠣᠨ᠎ᠠ᠃ ᠳᠠᠬᠢᠨᠲᠠ ᠬᠠᠷᠭᠤᠭᠤᠯᠬᠤ ᠶᠢ ᠦᠩᠭᠡᠷᠡᠭᠦᠯᠦᠭᠰᠡᠨ ᠪᠣᠯ ᠬᠢᠷᠢ ᠬᠡᠮ ᠤᠨ | ᠬᠦᠴᠦᠨ ᠲᠠᠢ ᠬᠤᠭᠤᠴᠠᠭ᠎ᠠ ᠶᠢ ᠨᠢ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ | ᠤᠷᠲᠤᠳᠬᠠᠨ᠎ᠠ︔ ᠦᠩᠭᠡᠷᠡᠵᠦ ᠳᠡᠶᠢᠯᠦᠭᠰᠡᠨ ᠦᠭᠡᠢ ᠪᠣᠯ ᠲᠡᠭᠦᠨ ᠤ ᠬᠢᠷᠢ ᠬᠡᠮ ᠢ ᠨᠢ ᠬᠠᠰᠤᠨ᠎ᠠ᠃ |