6 ᠰᠠᠷ᠎ᠠ ᠶᠢᠨ 4 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠡᠨᠧᠷᠭᠢ᠂ ᠮᠠᠯ ᠠᠵᠤ ᠠᠬᠤᠢ ᠲᠠᠷᠢᠶᠠᠯᠠᠩ ᠣᠶ ᠰᠢᠭᠤᠢ ᠤᠰᠤᠨ ᠠᠰᠢᠭᠯᠠᠯᠲᠠ᠂ ᠠᠷᠠᠯᠵᠢᠶ᠎ᠠ | ᠬᠤᠳᠠᠯᠳᠤᠭ᠎ᠠ ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠢ | ᠥᠷᠢᠲᠦᠵᠦ ᠤ ᠠᠶᠢᠭᠠ ᠠᠰᠠᠭᠤᠳᠠᠯ ᠢ ᠰᠢᠢᠳᠪᠦᠷᠢᠯᠡᠬᠦ ᠠᠵᠢᠯ ᠢ ᠰᠤᠳᠤᠯᠵᠤ᠂ ᠳᠡᠳ᠋ ᠲᠡᠷᠢᠭᠦᠯᠡᠭᠴᠢ ᠨᠠᠷ ᠢ ᠬᠤᠪᠢᠳᠠᠨ | ᠬᠠᠮᠢᠶᠠᠷᠴᠤ ᠤᠠᠶᠢᠭᠠ ᠬᠦᠷᠢᠶ᠎ᠡ ᠪᠠᠨ ᠲᠤᠭᠤᠰᠢᠲᠠᠢ ᠠᠩᠬᠠᠷᠴᠤ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ | ᠰᠠᠶᠢᠵᠢᠷᠠᠭᠤᠯᠵᠤ᠂ ᠵᠢᠭᠰᠠᠭᠠᠨ ᠤ ᠠᠶᠢᠴᠠᠭᠠᠵᠤ ᠤ ᠠᠶᠢᠳᠠᠯ ᠢ ᠣᠶᠢᠯᠠᠭᠠᠬᠤ ᠠᠴᠠ ᠠᠪᠤᠭᠠᠳ ᠥᠷᠢᠲᠦᠭᠰᠡᠨ ᠴᠠᠯᠢᠩ ᠢ | ᠥᠭᠬᠦ ᠪᠦᠭᠦ ᠶᠠᠪᠤᠴᠠ ᠶᠢ ᠤ ᠵᠲᠡᠭᠦᠦ ᠭᠤᠭᠴᠤᠭ᠎ᠠ ᠪᠠᠷ ᠨᠠᠶᠢᠳᠠᠪᠤᠷᠢᠵᠢᠭᠤᠯᠵᠤ᠂ ᠬᠥᠯᠥᠰᠦᠨ ᠮᠠᠯᠴᠢᠨ ᠲᠠᠷᠢᠶᠠᠴᠢᠨ ᠤ | ᠶᠠᠳᠠᠷᠠᠵᠤ ᠵᠦᠳᠡᠷᠡᠵᠦ ᠣᠯᠣᠭᠰᠠᠨ ᠵᠣᠭᠤᠰ ᠢ ᠲᠤᠭ᠎ᠠ ᠶᠣᠰᠣᠭᠠᠷ ᠨᠢ ᠭᠠᠷ ᠲᠤᠨᠢ ᠠᠳᠬᠤᠭᠤᠯᠬᠤ ᠶᠢ ᠤ ᠠᠲᠤᠯᠠᠬᠤ | ᠬᠡᠷᠡᠭᠲᠡᠢ᠃ ᠴᠠᠯᠢᠩ ᠥᠷᠢᠲᠦᠬᠦ ᠶᠢ ᠵᠠᠰᠠᠬᠤ ᠸᠠ ᠠᠵᠤ ᠠᠬᠤᠶᠢᠯᠠᠯ ᠳᠤ ᠥᠷᠢᠲᠦᠵᠦ ᠤ ᠠᠶᠢᠭᠠ ᠳᠠᠩᠰᠠᠨ ᠤ | ᠵᠣᠭᠤᠰ ᠢ ᠥᠭᠬᠦ ᠶᠢ ᠬᠤᠯᠪᠤᠭᠠᠯᠠᠨ ᠠᠬᠢᠭᠤᠯᠵᠤ᠂ ︽ ᠤ ᠠᠷᠢᠯᠭ᠎ᠠ ᠶᠢᠨ ᠲᠥᠷᠥᠯ ᠵᠦᠢᠯ ᠢ ᠠᠩᠬᠠᠷᠬᠤ ᠳᠤ ᠡᠷᠬᠡᠪᠰᠢ | ᠠᠵᠢᠯᠴᠢᠨ ᠤ ᠴᠠᠯᠢᠩ ᠢ ᠥᠭᠬᠦ ᠶᠢ ᠠᠩᠬᠠᠷᠬᠤ︾ ᠲᠣᠭᠲᠠᠴᠠ ᠶᠢ ᠤ ᠠᠶᠢᠭᠤᠯᠵᠤ᠂ ᠵᠣᠷᠢᠭᠤᠳᠠ ᠪᠠᠷ ᠴᠠᠯᠢᠩ | ᠥᠷᠢᠲᠦᠬᠦ ᠳᠤ ᠬᠠᠤᠯᠢ ᠶᠣᠰᠣᠭᠠᠷ ᠴᠣᠬᠢᠯᠲᠠ ᠥᠭᠴᠦ᠂ ᠴᠠᠯᠢᠩ ᠥᠷᠢᠲᠦᠬᠦ ᠠᠰᠠᠭᠤᠳᠠᠯ ᠢ ᠡᠬᠢ ᠡᠭᠦᠰᠦᠯ ᠠᠴᠠ ᠨᠢ | ᠵᠠᠰᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠭᠦᠳᠡᠯᠮᠦᠷᠢ ᠨᠡᠶᠢᠭᠡᠮ ᠤᠨ ᠤ ᠠᠲᠤᠯᠠᠭᠠ᠂ ᠬᠤᠲᠠ ᠬᠥᠳᠡᠭᠡ ᠶᠢᠨ ᠪᠦᠲᠦᠭᠡᠨ ᠤ ᠠᠶᠢᠭᠤᠯᠤᠯᠲᠠ᠂ | ᠬᠥᠳᠡᠭᠡ ᠲᠣᠰᠬᠤᠨ ᠬᠥᠳᠡᠭᠡ ᠠᠵᠤ ᠠᠬᠤᠢ ᠵᠡᠷᠭᠡ ᠠᠵᠢᠯ ᠲᠥᠷᠥᠯ ᠤᠨ ᠣᠶᠢᠷ᠎ᠠ ᠶᠢᠨ ᠬᠤᠭᠤᠴᠠᠭᠠᠨ ᠤ ᠵᠠᠬᠢᠳᠠᠯ | ᠰᠤᠷᠪᠤᠯᠵᠢᠯᠠᠯ ᠤᠨ ᠠᠵᠢᠯ ᠤᠨ ᠤ ᠠᠶᠢᠳᠠᠯ ᠢ ᠰᠣᠨᠣᠰᠴᠤ᠂ ᠳᠡᠳ᠋ ᠲᠡᠷᠢᠭᠦᠯᠡᠭᠴᠢ ᠨᠠᠷ ᠵᠠᠬᠢᠳᠠᠯ ᠰᠤᠷᠪᠤᠯᠵᠢᠯᠠᠯ ᠤᠨ | ᠠᠵᠢᠯ ᠢ ︽ᠨᠢᠭᠡ ᠠᠵᠢᠯ ᠤᠨ ᠤ ᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠣᠰᠣᠭᠠᠷ ᠡᠳᠦᠷ | ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠦᠷᠢᠶ᠎ᠡ ᠬᠤᠪᠢᠶᠠᠨ ᠣᠷᠳᠣ ᠬᠤᠭᠤᠴᠠᠭᠠᠨ ᠤ | ᠪᠦᠲᠦᠮᠵᠢᠲᠦ ᠲᠣᠭᠲᠠᠴᠠ ᠶᠢ ᠤ ᠠᠶᠢᠭᠤᠯᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ | ᠲᠤᠬᠠᠢ ᠶᠢᠨ ᠬᠥᠮᠥᠨ ᠳᠤ ᠵᠠᠬᠢᠳᠠᠯ ᠰᠤᠷᠪᠤᠯᠵᠢᠯᠠᠯ ᠤᠨ ᠦᠷ᠎ᠡ ᠳ᠋ᠦᠩ ᠢ ᠬᠠᠷᠢᠭᠤ ᠲᠤᠰᠬᠠᠵᠤ᠂ ᠤᠯᠠᠨ ᠲᠦᠮᠡᠨ ᠤ | ᠬᠦᠰᠡᠯ ᠱᠠᠭᠠᠷᠳᠠᠯᠭ᠎ᠠ ᠳᠤ ᠦᠨᠡᠨ ᠪᠣᠳᠠᠲᠠᠢ ᠪᠠᠷ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠢ ᠨᠡᠶᠢᠳᠬᠡᠭᠰᠡᠨ ᠵᠢᠴᠢ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠠᠵᠢᠯ ᠤᠨ ᠤ ᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠠᠯᠠᠭ᠎ᠠ | ᠮᠥᠴᠢᠷ ᠤᠨ ᠳᠣᠲᠣᠭᠠᠳᠤ ᠠᠴᠠ ᠡᠬᠢᠯᠡᠨ ᠠᠳᠬᠤᠵᠤ ︽ᠮᠡᠳᠡᠭᠡ ᠵᠠᠩᠭᠢ ᠶᠢᠨ ᠥᠨᠥᠴᠢᠨ ᠠᠷᠠᠯ︾ ᠢ ᠡᠷᠡᠰ | ᠡᠪᠳᠡᠵᠦ᠂ ᠳ᠋ᠠᠶᠢᠲ᠋ᠠ ᠶᠢ ᠬᠠᠮᠲᠤ ᠪᠠᠷ ᠡᠳ᠋ᠯᠡᠬᠦ ᠲᠤᠬᠠᠢ ᠬᠡᠷᠡᠭᠵᠢᠭᠦᠯᠬᠦ ᠨᠠᠷᠢᠨ ᠳᠦᠷᠢᠮ ᠢ ᠱᠠᠯᠠᠪᠳᠠᠭᠤᠯᠤᠨ ᠨᠡᠶᠢᠲᠡᠯᠡᠬᠦ | ᠬᠡᠷᠡᠭᠲᠡᠢ᠃ ᠰᠠᠷ᠎ᠠ ᠪᠠᠷ ᠬᠠᠷᠠᠯᠲᠠ ᠲᠣᠭᠲᠠᠭᠠᠨ ᠠᠬᠢᠴᠠ ᠶᠢ ᠠᠳᠬᠤᠵᠤ᠂ ᠰᠠᠯᠠᠭ᠎ᠠ ᠮᠥᠴᠢᠷ ᠨᠢᠭᠡᠪᠦᠷᠢ ᠪᠠᠷ | ᠠᠰᠠᠭᠤᠳᠠᠯ ᠢ ᠰᠢᠢᠳᠪᠦᠷᠢᠯᠡᠵᠦ᠂ ᠡᠭᠦᠷᠭᠡ ᠪᠠᠨ ᠴᠢᠨᠠᠷ ᠰᠠᠶᠢᠲᠠᠢ ᠤ ᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ︽ᠤᠰᠤᠨ ᠤ ᠬᠡᠮᠵᠢᠶ᠎ᠡ ᠪᠠᠷ ᠳᠥᠷᠪᠡ ᠶᠢ ᠲᠣᠭᠲᠠᠭᠠᠬᠤ︾ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠵᠢᠭᠦᠯᠬᠦ ᠰᠠᠨᠠᠯ ᠢ ᠰᠤᠳᠤᠯᠵᠤ᠂ ᠲᠠᠪᠤᠨ ᠶᠡᠭᠡ ᠡᠭᠦᠷᠭᠡ ᠶᠢ ᠰᠠᠶᠢᠲᠤᠷ ᠤ ᠡᠶᠡᠯᠡᠭᠦᠯᠬᠦ | ᠥᠨᠳᠥᠷᠴᠡ ᠠᠴᠠ ᠤᠰᠤᠨ ᠤ ᠡᠬᠢ ᠤ ᠠᠶᠠᠯᠢᠭ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠤᠰᠤ ᠠᠷᠪᠢᠯᠠᠬᠤ | ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠲᠠᠷᠢᠶᠠᠯᠠᠩ᠂ ᠠᠵᠤ ᠦᠢᠯᠡᠳᠪᠦᠷᠢ᠂ ᠠᠮᠢ ᠠᠬᠤᠢ ᠵᠡᠷᠭᠡ ᠡᠯ᠎ᠡ | ᠬᠦᠷᠢᠶᠡᠨ ᠳᠠᠬᠢ ᠤᠰᠤ ᠠᠷᠪᠢᠯᠠᠬᠤ ᠶᠢ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ | ᠲᠦᠪᠰᠢᠨ ᠢ ᠳᠡᠭᠡᠭᠰᠢᠯᠡᠭᠦᠯᠵᠦ᠂ ᠬᠢᠵᠠᠭᠠᠷ ᠲᠠᠢ ᠤᠰᠤᠨ ᠤ ᠡᠬᠢ ᠤ ᠠᠶᠠᠯᠢᠭ ᠤᠨ ᠦᠷ᠎ᠡ ᠠᠰᠢᠭ ᠢ ᠬᠠᠮᠤᠭ ᠤᠨ | ᠶᠡᠭᠡ ᠪᠠᠷ ᠤ ᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠨᠢᠭᠡ ᠭᠠᠵᠠᠷ ᠲᠤ ᠣᠯᠠᠨ ᠦᠨᠡᠮᠯᠡᠯ ᠲᠠᠢ ᠤ ᠠᠶᠢᠬᠤ︾ ᠠᠰᠠᠭᠤᠳᠠᠯ ᠤᠨ ᠤ ᠠᠶᠢᠳᠠᠯ ᠢ | ᠣᠶᠢᠯᠠᠭᠠᠵᠤ ᠵᠢᠭᠰᠠᠭᠠᠨ ᠤ ᠠᠶᠢᠴᠠᠭᠠᠬᠤ ᠠᠵᠢᠯ ᠢ ᠰᠤᠳᠤᠯᠵᠤ᠂ ᠦᠨᠡᠨ ᠠᠴᠠ ᠵᠥᠪ ᠢ ᠡᠷᠢᠵᠦ᠂ ᠨᠠᠷᠢᠯᠢᠭ | ᠣᠨᠣᠴᠠᠲᠠᠢ ᠪᠠᠷ ᠤ ᠠᠶᠢᠴᠠᠭᠠᠨ ᠣᠶᠢᠯᠠᠭᠠᠵᠤ᠂ ᠦᠷ᠎ᠡ ᠳ᠋ᠦᠩ ᠢ ︽ᠨᠢᠭᠡ ᠵᠢᠷᠤᠭ︾ ᠢᠶᠠᠷ ᠢᠯᠡᠷᠡᠭᠦᠯᠵᠦ᠂ ᠭᠠᠵᠠᠷ | ᠰᠢᠷᠣᠢ ᠨᠢᠭᠡᠪᠦᠷᠢ ᠳᠤ ᠴᠥᠮ ᠡᠷᠬᠡ ᠶᠢᠨ ᠬᠠᠷᠢᠶ᠎ᠠ ᠲᠣᠳᠣᠷᠬᠠᠢ ᠤ ᠠᠶᠢᠵᠤ᠂ ᠦᠨᠡᠨ ᠪᠣᠳᠠᠲᠠᠢ ᠪᠥᠭᠡᠳ | ᠨᠠᠶᠢᠳᠠᠪᠤᠷᠢᠲᠠᠢ ᠤ ᠠᠶᠢᠴᠠᠭᠠᠨ ᠣᠶᠢᠯᠠᠭᠠᠵᠤ ᠬᠤᠶᠢᠰᠢᠳᠠ ᠶᠢᠨ ᠠᠵᠢᠯ ᠤᠨ ᠰᠠᠭᠤᠷᠢ ᠶᠢ ᠰᠠᠶᠢᠨ ᠲᠠᠯᠪᠢᠬᠤ ᠬᠡᠷᠡᠭᠲᠡᠢ᠃ | ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠲᠠᠢ ᠤᠶᠠᠯᠳᠤᠭᠤᠯᠤᠨ | ᠠᠵᠢᠯ ᠤᠨ ᠲᠥᠰᠥᠯ ᠢᠶᠠᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ | ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠳᠤ ᠠᠵᠢᠯ ᠤᠨ ᠠᠬᠢᠴᠠ ᠪᠠᠨ ᠴᠠᠭ ᠲᠤᠬᠠᠢ ᠳᠤᠨᠢ | ᠮᠡᠳᠡᠭᠦᠯᠵᠦ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠳᠡᠮᠵᠢᠯᠭᠡ ᠣᠯᠬᠤ ᠪᠠᠷ | ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ |