ᠤᠯᠤᠰ ᠤᠨ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠢᠶᠠᠨ ᠠᠰ ᠲᠤ ᠪᠠᠨ ᠵᠢᠭᠰᠠᠭᠠᠬᠤ | ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠡᠨᠧᠷᠭᠢ ᠶᠢᠨ ᠬᠤᠷᠣᠭᠳᠠᠯ ᠤᠨ ᠲᠠᠯᠳᠠ ᠬᠦᠴᠦᠨ ᠢ | ᠲᠦᠷᠭᠡᠨ ᠪᠠᠳᠠᠷᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠠᠬᠤᠢ ᠶᠢᠨ | ᠨᠡᠮᠡᠭᠳᠡᠯ ᠤᠨ ︽ᠬᠥᠳᠡᠯᠭᠡᠭᠴᠢ ᠬᠦᠴᠦᠨ ᠤ ᠢᠷᠡᠯᠲᠡ︾ ᠶᠢ ᠲᠣᠭᠲᠠᠪᠤᠷᠢᠵᠢᠭᠤᠯᠬᠤ ᠶᠢᠨ ᠲᠥᠯᠥᠭᠡ᠂ 5 ᠳ᠋ᠤᠭᠠᠷ | ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠠᠴᠠ ᠤᠯᠤᠰ ᠤᠨ ᠴᠢᠬᠤᠯᠠ ᠶᠡᠭᠡ ᠲᠦᠷᠦᠯ ᠵᠦᠢᠯ ᠤᠨ ᠡᠨᠧᠷᠭᠢ ᠶᠢᠨ ᠬᠤᠷᠣᠭᠳᠠᠯ ᠢᠶᠠᠨ ᠠᠰ ᠲᠤ ᠪᠠᠨ | ᠵᠢᠭᠰᠠᠭᠠᠬᠤ ᠠᠵᠢᠯ ᠤᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ | ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠤᠭᠳᠠᠯ ᠢᠶᠠᠨ ᠠᠰ ᠲᠤ ᠪᠠᠨ ᠵᠢᠭᠰᠠᠭᠠᠬᠤ ᠲᠥᠷᠥ ᠶᠢᠨ | ᠪᠣᠳᠣᠯᠭ᠎ᠠ ᠪᠣᠯ ᠤᠯᠤᠰ ᠠᠴᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠷᠥᠯ ᠵᠦᠢᠯ ᠤᠨ ᠡᠨᠧᠷᠭᠢ ᠬᠡᠷᠡᠭᠯᠡᠬᠦ | ᠬᠡᠷᠡᠭᠴᠡᠭᠡ ᠶᠢ ᠪᠠᠲᠤᠯᠠᠬᠤ ᠳᠤ ᠭᠠᠷᠭᠠᠭᠰᠠᠨ ᠬᠦᠴᠦᠲᠡᠶ ᠠᠷᠭ᠎ᠠ ᠬᠡᠮᠵᠢᠶ᠎ᠡ ᠮᠥᠨ᠂ ᠡᠨᠡ ᠨᠢ ᠮᠠᠨ ᠤ ᠣᠷᠣᠨ ᠤ | ᠡᠨᠧᠷᠭᠢ ᠬᠡᠷᠡᠭᠯᠡᠬᠦ ᠣᠷᠣᠨ ᠵᠠᠶ ᠶᠢ ᠥᠷᠭᠡᠳᠬᠡᠬᠦ᠂ ᠠᠵᠤ ᠠᠬᠤᠶ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ ᠤᠯᠤᠰ ᠠᠴᠠ ᠳᠡᠮᠵᠢᠵᠦ ᠪᠠᠶᠢᠭ᠎ᠠ ᠮᠠᠨ ᠤ ᠣᠷᠣᠨ ᠳᠠᠬᠢ ᠡᠨᠧᠷᠭᠢ ᠶᠢᠨ | ᠬᠤᠷᠣᠭᠳᠠᠯ ᠢᠶᠠᠨ ᠠᠰ ᠲᠤ ᠪᠠᠨ ᠵᠢᠭᠰᠠᠭᠠᠬᠤ ᠴᠢᠬᠤᠯᠠ ᠶᠡᠭᠡ ᠲᠥᠷᠥᠯ ᠵᠦᠢᠯ ᠨᠡᠶᠢᠲᠡ 21 ᠪᠣᠶ᠂ ᠡᠭᠦᠨ ᠳᠤ | ᠬᠥᠬᠡᠬᠤᠲᠠ ᠶᠢᠨ 9᠂ ᠤᠯᠠᠭᠠᠨᠴᠠᠪ ᠬᠤᠲᠠ ᠶᠢᠨ 11᠂ ᠤᠯᠠᠭᠠᠨᠬᠠᠳᠠ ᠬᠤᠲᠠ ᠶᠢᠨ 1 ᠪᠠᠶᠢᠨ᠎ᠠ᠂ ᠲᠡᠷᠡ ᠨᠢ | ᠪᠣᠳᠣᠯᠲᠠ ᠶᠢᠨ ᠬᠦᠴᠦᠨ ᠤ ᠰᠠᠭᠤᠷᠢ ᠪᠡᠯᠡᠳᠬᠡᠮᠵᠢ᠂ ᠨᠡᠭᠦᠷᠡᠰᠦ ᠪᠠᠷ ᠪᠠᠶᠢᠭᠠᠯᠢ ᠶᠢᠨ ᠰᠢᠲᠠᠮᠠᠬᠠᠶ ᠬᠡᠢ ᠦᠢᠯᠡᠳᠬᠦ | ᠵᠡᠷᠭᠡ ᠭᠤᠤᠯᠳᠠᠯᠭ᠎ᠠ ᠪᠣᠯᠬᠤ ᠬᠦᠷᠢᠶ᠎ᠡ ᠨᠦᠭᠦᠳ ᠢ ᠬᠠᠮᠤᠷᠴᠤ᠂ ᠵᠢᠱᠢᠯᠲᠠ ᠪᠠᠷ 2025 ᠣᠨ ᠤ ᠡᠨᠧᠷᠭᠢ ᠶᠢᠨ | ᠬᠤᠷᠣᠭᠳᠠᠯ ᠳᠤ 411 ᠲᠦᠮᠡᠨ ᠲᠣᠨ ᠪᠠᠷᠢᠮᠵᠢᠶᠠᠲᠤ ᠨᠡᠭᠦᠷᠡᠰᠦ ᠵᠠᠷᠤᠴᠠᠭᠤᠯᠬᠤ ᠪᠣᠯᠣᠨ᠎ᠠ᠃ | ᠡᠯ᠎ᠡ ᠠᠶᠢᠮᠠᠭ ᠬᠤᠲᠠ ᠶᠢᠨ ᠬᠢᠨ ︽ᠰᠠᠷ᠎ᠠ ᠪᠠᠷ ᠲᠣᠬᠢᠷᠠᠭᠤᠯᠬᠤ︾ ᠲᠣᠭᠲᠠᠴᠠ ᠶᠢ ᠪᠠᠶᠢᠭᠤᠯᠵᠤ᠂ ︽ᠨᠢᠭᠡ | ᠲᠥᠷᠥᠯ ᠵᠦᠢᠯ ᠳᠤ ᠨᠢᠭᠡ ᠳᠠᠩᠰᠠᠨ ᠡᠷᠦᠬᠡ︾ ᠪᠠᠷ ᠡᠨᠧᠷᠭᠢ ᠬᠡᠷᠡᠭᠯᠡᠬᠦ ᠡᠬᠡ ᠲᠠᠩᠰᠠ ᠶᠢ ᠪᠦᠷᠢᠨᠰᠢᠬᠦᠯᠵᠦ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠵᠢᠴᠢ ᠡᠨᠧᠷᠭᠢ ᠬᠡᠷᠡᠭᠯᠡᠵᠦ ᠪᠠᠶᠢᠭ᠎ᠠ ᠪᠠᠶᠢᠳᠠᠯ ᠢ ᠰᠠᠷ᠎ᠠ ᠪᠠᠷ | ᠠᠩᠬᠠᠷᠤᠨ ᠭᠦᠢᠴᠡᠳᠬᠡᠵᠦ᠂ ᠲᠥᠷᠥᠯ ᠵᠦᠢᠯ ᠤᠨ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠭᠡᠬᠦ᠂ | ᠬᠦᠴᠦᠨ ᠵᠦᠢᠯ ᠤᠨ ᠪᠠᠲᠤᠯᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠠᠯᠠ ᠣᠷᠣᠭᠤᠯᠤᠯᠲᠠ ᠶᠢᠨ | ᠬᠡᠮᠵᠢᠶ᠎ᠡ ᠶᠢ ᠨᠢ ᠨᠡᠮᠡᠭᠳᠡᠭᠦᠯᠦᠨ ᠶᠠᠰᠤ ᠴᠢᠨᠠᠷ ᠢ ᠨᠢ ᠳᠡᠭᠡᠭᠰᠢᠯᠡᠭᠦᠯᠬᠦ ᠶᠢ ᠠᠬᠢᠭᠤᠯᠵᠤ ᠪᠣᠢ᠃ ᠡᠯ᠎ᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠦᠭᠦᠳ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠴᠠᠭ ᠤᠨ ᠬᠦᠰᠦᠨᠦᠭᠲᠦ ᠪᠠ ᠠᠵᠢᠯ ᠤᠨ | ᠱᠤᠭᠤᠮ ᠤᠨ ᠵᠢᠷᠤᠭ ᠢ ᠲᠣᠳᠣᠷᠬᠠᠶᠢᠯᠠᠵᠤ᠂ ᠤᠯᠤᠰ ᠤᠨ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠭᠦᠢᠴᠡᠳ | ᠰᠠᠶᠢᠲᠤᠷ ᠬᠡᠷᠡᠭᠯᠡᠵᠦ᠂ ︽ᠭᠦᠢᠴᠡᠳᠬᠡᠯ ᠲᠤᠭ᠎ᠠ ᠶᠢ ᠣᠯᠬᠤ ᠶᠢ ᠴᠢᠬᠤᠯᠠᠴᠢᠯᠠᠵᠤ ᠪᠤᠲᠠᠲᠠᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠬᠥᠩᠭᠡᠪᠴᠢᠡᠯᠬᠦ︾ ᠠᠵᠢᠯᠯᠠᠭ᠎ᠠ ᠶᠢ ᠡᠷᠡᠰ ᠬᠤᠷᠢᠭᠯᠠᠵᠤ᠂ ᠠᠰ ᠲᠤ ᠪᠠᠨ ᠵᠢᠭᠰᠠᠭᠠᠭᠰᠠᠨ ᠲᠥᠷᠥᠯ | ᠵᠦᠢᠯ ᠢ ᠡᠷᠲᠡᠬᠡᠨ ᠠᠵᠢᠯ ᠡᠬᠢᠯᠡᠭᠦᠯᠬᠦ᠂ ᠡᠷᠲᠡᠬᠡᠨ ᠠᠰᠢᠭᠯᠠᠯᠲᠠ ᠳᠤ ᠣᠷᠣᠭᠤᠯᠬᠤ᠂ ᠡᠷᠲᠡᠬᠡᠨ ᠪᠦᠷᠢᠳᠬᠡᠯ ᠳᠤ | ᠣᠷᠤᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ |