ᠥᠪᠥᠷ ᠮᠣᠩᠭᠤᠯ ᠪᠥᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠡᠯᠰᠡᠬᠦ | ᠠᠵᠢᠯ ᠳᠤ ᠪᠠᠨ ᠰᠢᠨ᠎ᠡ ᠶᠢ ᠡᠭᠦᠳᠦᠨ ︽ᠬᠤᠶᠠᠷ ᠢ ᠤᠷᠢᠳᠴᠢᠯᠠᠭᠤᠯᠬᠤ᠂ ᠨᠢᠭᠡ ᠶᠢ ᠳᠡᠭᠡᠭᠰᠢᠯᠡᠭᠦᠯᠬᠦ᠂ ᠨᠢᠭᠡ ᠶᠢ | ᠲᠡᠭᠦᠯᠳᠡᠷᠵᠢᠭᠦᠯᠬᠦ︾ ᠵᠡᠷᠭᠡ ᠠᠷᠭ᠎ᠠ ᠬᠡᠮᠵᠢᠶ᠎ᠡ ᠨᠦᠭᠦᠳ ᠢ ᠠᠪᠴᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ | ᠬᠠᠪᠰᠤᠷᠤᠨ ᠡᠷᠲᠡᠬᠡᠨ ᠤᠷᠤᠭᠰᠢᠲᠠᠶ ᠠᠵᠢᠯ ᠣᠯᠭᠤᠵᠤ ᠪᠣᠢ᠃ 2023 ᠣᠨ ᠠᠴᠠ ᠨᠠᠭᠠᠰᠢ᠂ ᠪᠥᠬᠦ ᠣᠷᠣᠨ ᠳᠤ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠢᠯᠡ ᠪᠠᠷ 3.21 ᠲᠦᠮᠡᠨ ᠬᠥᠮᠦᠨ ︵2025 ᠣᠨ ᠤ 1.25 | ᠲᠦᠮᠡᠨ ᠬᠥᠮᠦᠨ ᠡᠯᠰᠡᠬᠦ ᠲᠦᠯᠦᠪᠯᠡᠭᠡ ᠶᠢ ᠪᠠᠭᠲᠠᠭᠠᠪᠠ︶ ᠡᠯᠰᠡᠭᠰᠡᠨ ᠪᠠᠶᠢᠨ᠎ᠠ᠃ ᠨᠢᠭᠡ ᠳᠤ᠂ ᠰᠢᠯᠭᠠᠯᠲᠠ ᠶᠢᠨ | ᠴᠠᠭ ᠢ ᠨᠢ ᠤᠷᠢᠳᠴᠢᠯᠠᠭᠤᠯᠪᠠ᠃ ᠲᠦᠷᠦ ᠶᠢᠨ ᠪᠤᠳᠤᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠡᠬᠢ ᠪᠠᠶᠠᠯᠢᠭ ᠢ | ᠪᠠᠶᠢᠷᠢᠯᠠᠭᠤᠯᠵᠤ ᠭᠠᠷᠭᠠᠬᠤ ᠶᠢ ᠲᠦᠷᠭᠡᠳᠬᠡᠵᠦ᠂ 2023 ᠣᠨ ᠠᠴᠠ ᠡᠬᠢᠯᠡᠨ᠂ ᠬᠤᠶᠠᠷ ᠵᠢᠯ ᠳᠠᠷᠠᠭᠠᠯᠠᠨ | ᠳᠠᠷᠠᠭᠠᠴᠢ ᠶᠢᠨ ᠵᠢᠯ ᠳᠠᠬᠢ ᠪᠦᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠵᠤ | ᠡᠯᠰᠡᠬᠦ ᠰᠢᠯᠭᠠᠯᠲᠠ ᠶᠢ ᠲᠤᠬᠠᠢ ᠶᠢᠨ ᠵᠢᠯ ᠳᠤ ᠤᠷᠢᠳᠴᠢᠯᠠᠨ ᠵᠣᠬᠢᠶᠠᠨ ᠪᠠᠶᠢᠭᠤᠯᠵᠤ ᠬᠡᠷᠡᠭᠵᠢᠭᠦᠯᠪᠡ᠂ ᠡᠨᠡ ᠨᠢ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠪᠠᠨ ᠲᠡᠷᠢᠭᠦᠨ ᠲᠣᠬᠢᠶᠠᠯ ᠢ ᠵᠠᠪᠳᠤᠨ ᠠᠳᠬᠤᠬᠤ ᠪᠠᠷ ᠪᠠᠷᠠᠬᠤ | ᠦᠭᠡᠢ ᠪᠠᠰᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠡᠭᠦᠰᠬᠦ ᠤᠯᠠᠷᠢᠯ ᠳᠤ ᠪᠠᠨ ᠨᠡᠩ ᠤᠯᠠᠨ | ᠰᠤᠩᠭᠤᠯᠲᠠ ᠲᠠᠢ ᠪᠠᠶᠢᠬᠤ ᠵᠠᠪᠰᠢᠶᠠᠨ ᠣᠯᠭᠤᠨ᠎ᠠ᠃ ᠬᠤᠶᠠᠷ ᠲᠤ᠂ ᠣᠷᠣᠨ ᠲᠣᠭᠠᠨ ᠤ ᠬᠡᠷᠡᠭᠯᠡᠯᠲᠡ ᠶᠢ | ᠤᠷᠢᠳᠴᠢᠯᠠᠭᠤᠯᠪᠠ᠃ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠪᠠᠶᠢᠭᠤᠯᠤᠮᠵᠢ ᠣᠷᠣᠨ ᠲᠣᠭᠠᠨ ᠤ ᠡᠬᠢ | ᠪᠠᠶᠠᠯᠢᠭ ᠢ ᠭᠦᠢᠴᠡᠳ ᠠᠭᠤᠳᠠᠯᠯᠠᠵᠤ᠂ ᠳᠠᠷᠠᠭ᠎ᠠ ᠵᠢᠯ ᠤᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠠᠵᠢᠯ ᠠᠴᠠ ᠪᠠᠨ ᠠᠮᠠᠷᠠᠵᠤ ᠪᠠᠭᠤᠭᠰᠠᠨ ᠠᠵᠢᠯᠲᠠᠳ ᠠᠵᠢᠯᠴᠢᠳ ᠤᠨ ᠣᠷᠣᠨ ᠲᠤᠭ᠎ᠠ ᠶᠢ ᠨᠢ ᠠᠵᠢᠯ ᠦᠢᠯᠡᠰ ᠤᠨ | ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠡᠯᠰᠡᠬᠦ ᠠᠵᠢᠯ ᠤᠨ ᠪᠠᠶᠢᠷᠢ ᠶᠢᠨ ᠲᠥᠯᠥᠪᠯᠡᠭᠡ ᠳᠤ ᠬᠡᠷᠡᠭᠯᠡᠵᠦ᠂ | ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠨᠡᠮᠡᠭᠳᠡᠭᠦᠯᠪᠡ᠃ ᠭᠤᠷᠪᠠ ᠳᠤ᠂ | ᠣᠷᠣᠨ ᠲᠣᠭᠠᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ᠃ ᠨᠥᠬᠦᠪᠥᠷᠢᠯᠡᠨ ᠤᠷᠢᠵᠤ ᠡᠯᠰᠡᠬᠦ ︽1 | + N︾ ᠬᠡᠪ ᠵᠠᠭᠪᠤᠷ ᠲᠤ ᠰᠢᠨ᠎ᠡ ᠶᠢ ᠡᠭᠦᠳᠦᠨ ᠬᠡᠷᠡᠭᠵᠢᠭᠦᠯᠵᠦ᠂ ᠰᠢᠯᠭᠠᠭᠤᠯᠤᠭᠴᠢ ᠶᠢᠨ ᠲᠤᠭ᠎ᠠ ᠨᠢ | ᠰᠢᠯᠭᠠᠯᠲᠠ ᠶᠢᠨ ᠬᠠᠷᠢᠴᠠᠯ ᠳᠤ ᠥᠯᠥ ᠬᠦᠷᠦᠭᠰᠡᠨ ᠢᠶᠠᠷ ᠬᠦᠴᠦᠨ ᠥᠬᠡᠶ ᠪᠣᠯᠭᠠᠭᠰᠠᠨ ᠠᠵᠢᠯ ᠤᠨ ᠪᠠᠶᠢᠷᠢ ᠶᠢᠨ | ᠤᠷᠢᠵᠤ ᠡᠯᠰᠡᠬᠦ ᠨᠥᠬᠦᠴᠡᠯ ᠢ ᠨᠢ ᠬᠤᠪᠢᠷᠠᠭᠤᠯᠬᠤ ᠥᠬᠡᠶ ᠤᠷᠢᠲᠠᠯ ᠳᠣᠤᠷ᠎ᠠ᠂ ᠰᠢᠯᠭᠠᠭᠤᠯᠤᠭᠴᠢ ᠲᠥᠷᠥᠯ | ᠬᠤᠪᠢᠶᠠᠭᠰᠠᠨ ᠪᠢᠷ ᠤᠨ ᠰᠢᠯᠭᠠᠯᠲᠠ ᠶᠢᠨ ᠬᠠᠮᠲᠤᠷᠠᠭᠰᠠᠨ ᠰᠢᠯᠭᠠᠯᠲᠠ ᠶᠢᠨ ᠬᠢᠷᠢ ᠪᠦᠲᠦᠮᠵᠢ ᠪᠠᠷ ᠢᠶᠠᠨ ᠠᠵᠢᠯ ᠤᠨ | ᠪᠠᠶᠢᠷᠢ ᠶᠢ ᠦᠷᠭᠦᠯᠵᠢᠯᠡᠨ ᠳᠠᠬᠢᠨᠲᠠ ᠰᠣᠩᠭᠤᠬᠤ᠂ ᠨᠢᠭᠤᠷᠲᠠᠨ ᠰᠢᠯᠭᠠᠯᠲᠠ ᠳᠤ ᠰᠢᠭᠤᠳ ᠣᠷᠣᠯᠴᠠᠬᠤ ᠵᠡᠷᠭᠡ ᠳᠡᠰ | ᠳᠠᠷᠠᠭᠠᠯᠠᠯ ᠢ ᠠᠩᠬ᠎ᠠ ᠤᠳᠠᠭ᠎ᠠ ᠬᠡᠷᠡᠭᠵᠢᠭᠦᠯᠪᠡ᠂ ᠡᠨᠡ ᠨᠢ ᠬᠤᠪᠣᠷ ᠴᠤᠬᠠᠭ ᠣᠷᠣᠨ ᠲᠣᠭᠠᠨ ᠤ ᠡᠬᠢ ᠪᠠᠶᠠᠯᠢᠭ ᠢ | ᠭᠦᠢᠴᠡᠳ ᠰᠠᠶᠢᠲᠤᠷ ᠬᠡᠷᠡᠭᠯᠡᠵᠦ ᠪᠣᠯᠬᠤ ᠮᠥᠷᠲᠡᠭᠡᠨ ᠪᠠᠰᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ᠡᠯᠰᠡᠭᠳᠡᠬᠦ ᠨᠣᠷᠮ᠎ᠠ ᠶᠢ ᠨᠢ ᠨᠡᠮᠡᠭᠳᠡᠭᠦᠯᠬᠦ ᠪᠣᠯᠤᠨ᠎ᠠ᠃ ᠳᠥᠷᠪᠡ ᠳᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠰᠢᠯᠭᠠᠵᠤ ᠡᠯᠰᠡᠬᠦ ᠪᠠ ᠤᠷᠢᠵᠤ ᠡᠯᠰᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠪᠡ᠃ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠤᠨ 2 ᠵᠢᠯ ᠤᠨ ᠠᠵᠢᠯ ᠰᠣᠩᠭᠤᠬᠤ ᠬᠤᠭᠤᠴᠠᠭᠠᠨ ᠳᠤ ᠪᠠᠨ ᠡᠯ᠎ᠡ | ᠲᠥᠷᠥᠯ ᠤᠨ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠳᠤ ᠠᠵᠢᠯᠯᠠᠬᠤ ᠨᠢ ᠨᠠᠶᠢᠳᠠᠪᠤᠷᠢᠵᠢᠭᠤᠯᠤᠭᠳᠠᠭᠰᠠᠨ ᠦᠭᠡᠶ ᠪᠠᠶᠢᠪᠠᠯ ᠠᠯᠪᠠᠲᠠᠨ ᠡᠯᠰᠡᠬᠦ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠤᠷᠢᠵᠤ ᠡᠯᠰᠡᠬᠦ ᠳᠤ ᠲᠤᠰ ᠵᠢᠯ ᠤᠨ | ᠲᠡᠭᠦᠰᠦᠭᠰᠡᠳ ᠲᠤ ᠬᠠᠨᠳᠤᠭᠤᠯᠤᠭᠰᠠᠨ ᠠᠵᠢᠯ ᠤᠨ ᠪᠠᠶᠢᠷᠢ ᠶᠢ ᠮᠡᠳᠡᠭᠦᠯᠦᠨ ᠰᠢᠯᠭᠠᠭᠤᠯᠵᠤ ᠪᠣᠯᠬᠤ ᠮᠥᠷᠲᠡᠬᠡᠨ | ᠲᠡᠳᠡᠨ ᠤ ᠠᠵᠢᠯ ᠣᠯᠣᠭᠰᠠᠨ ᠵᠥᠪᠯᠡᠯᠴᠡᠭᠡᠷ ᠲᠣᠭᠲᠠᠭᠰᠠᠨ ᠡᠰᠡᠬᠦ᠂ ᠨᠡᠶᠢᠭᠡᠮ ᠤᠨ ᠳᠠᠭᠠᠳᠬᠠᠯ ᠢᠶᠠᠨ ᠲᠤᠰᠢᠶᠠᠭᠰᠠᠨ | ᠡᠰᠡᠬᠦ ᠪᠠᠷ ᠨᠢ ᠬᠢᠵᠠᠭᠠᠷᠯᠠᠬᠤ ᠦᠭᠡᠢ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠡᠶ᠎ᠡ ᠭᠠᠷᠤᠯ ᠢ ᠨᠢ | ᠮᠠᠭᠠᠳᠯᠠᠨ ᠲᠣᠭᠲᠠᠭᠠᠬᠤ ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠡᠷᠲᠡᠬᠡᠨ ᠠᠵᠢᠯ ᠣᠯᠬᠤ ᠶᠢ ᠬᠥᠲᠥᠯᠥᠨ ᠵᠢᠯᠤᠭᠤᠳᠪᠠ᠃ |